ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠲᠦ᠋ᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳ᠋ᠤᠪᠠ

       
          5 ᠰᠠᠷ᠎ᠠ ᠶᠢᠨ 6 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ  ᠨᠠᠮ ᠤᠨ ᠭᠡᠰᠢᠭᠦᠨ ᠺᠠᠳ᠋ᠷᠴᠤᠳ ᠢ ᠵᠤᠬᠢᠶᠠᠨ ᠪᠠᠢ᠌ᠭᠤᠯᠵᠤ ᠲᠦ᠋ᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳ᠋ᠤᠭᠤᠯᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠂ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠪᠤᠤ ᠯᠦ᠋ᠩ᠂ ᠼᠦ᠋ᠢ ᠯᠸᠢ ᠯᠸᠢ᠂ ᠵᠠᠩ ᠶᠦ᠋ᠩ ᠴᠢᠶᠠᠩ ᠵᠢᠴᠢ ᠪᠠᠢ᠌ᠩᠭ᠋ᠤ ᠶᠢᠨ ᠬᠤᠷᠢᠶᠠᠨ ᠤ ᠨᠠᠷᠢᠨ ᠪᠢᠴᠢᠭ᠌ ᠤᠨ ᠲᠠᠷᠤᠭ᠎ᠠ᠂ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠰᠤᠷᠤᠯᠴᠠᠯᠭ᠎ᠠ ᠳᠤ ᠤᠷᠤᠯᠴᠠᠪᠠ᠃

        
         ᠬᠤᠷᠠᠯ ᠲᠡᠭᠡᠷ᠎ᠠ᠂ ᠪᠦᠬᠦ ᠤᠯᠤᠰ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠷᠢᠨ ᠪᠢᠴᠢᠭ᠌ ᠤᠨ ᠲᠠᠷᠤᠭ᠎ᠠ ᠶᠠᠩ ᠵᠸᠨ ᠡᠦ ᠶᠢᠨ  《ᠶᠡᠷᠦᠩᠬᠡᠢ ᠱᠦ᠋ᠵᠢ ᠰᠢ ᠵᠢᠨ ᠫᠢᠩ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠭᠤᠯᠤᠯ ᠢ ᠪᠠᠷᠢᠮᠳ᠋ᠠᠯᠠᠨ ᠲᠡᠭᠦᠯᠳ᠋ᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠲᠤᠭᠤᠰᠢᠯᠠᠭᠤᠯᠤᠨ᠂ ᠠᠷᠠᠳ ᠤᠨ ᠠᠷᠠᠳᠴᠢᠯᠠᠯ ᠢ ᠪᠦᠬᠦ ᠶᠠᠪᠤᠴᠠ ᠳᠤ ᠲᠠᠰᠤᠷᠠᠯᠳ᠋ᠡ ᠦᠭᠡᠶ ᠬᠦᠭ᠍ᠵᠢᠭᠦᠯᠵᠦ᠂ ᠠᠷᠠᠳ ᠲᠦ᠋ᠮᠡᠨ ᠤ ᠡᠷᠬᠡ ᠮᠡᠳ᠋ᠡᠵᠦ ᠡᠵᠡᠨ ᠰᠠᠭᠤᠬᠤ ᠶᠢ ᠲᠠᠮᠵᠢᠨ ᠪᠠᠳ᠋ᠤᠯᠠᠬᠤ》ᠭᠡᠬᠦ ᠭᠤᠤᠯ ᠰᠡᠳ᠋ᠦᠪᠳ᠋ᠦ ᠲᠤᠤᠷ ᠰᠦ᠋ᠯᠵᠢᠶᠡᠨ ᠤ ᠬᠢᠴᠢᠶᠡᠯᠡᠯᠭᠡ ᠶᠢ ᠰᠤᠷᠤᠯᠴᠠᠪᠠ᠃

         
          ᠬᠤᠷᠠᠯ ᠲᠡᠭᠡᠷ᠎ᠠ ᠪᠠᠰᠠ《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠲᠤᠤᠷ ᠰᠦ᠋ᠯᠵᠢᠶᠡᠨ ᠤ ᠠᠮᠤᠷ ᠲᠦ᠋ᠪᠰᠢᠨ ᠤ ᠬᠠᠦᠯᠢ》 ᠶᠢ ᠰᠤᠷᠤᠯᠴᠡᠨ᠂ 《ᠲᠤᠤᠷ ᠰᠦ᠋ᠯᠵᠢᠶᠡᠨ ᠤ ᠠᠮᠤᠷ ᠲᠦ᠋ᠪᠰᠢᠨ ᠤ ᠬᠠᠦᠯᠢ》 ᠶᠢ ᠨᠡᠢ᠌ᠳ᠋ᠡᠯᠡᠭ᠍ᠰᠡᠨ ᠬᠠᠦᠯᠢ ᠲᠤᠭᠳ᠋ᠠᠭᠠᠭᠰᠠᠨ ᠠᠬᠤᠢ ᠪᠠᠢ᠌ᠳ᠋ᠠᠯ᠂ ᠪᠤᠳ᠋ᠠᠳ᠋ᠤ ᠠᠴᠢ ᠬᠤᠯᠪᠤᠭᠳ᠋ᠠᠯ ᠪᠠ ᠭᠢᠯᠠᠰ ᠴᠡᠭ᠌ ᠤᠨ ᠵᠠᠳ᠋ᠠᠯᠤᠯᠳ᠋ᠠ ᠶᠢ ᠲᠠᠢ᠌ᠯᠪᠤᠷᠢᠯᠠᠬᠤ ᠪᠠᠷ ᠲᠠᠮᠵᠢᠵᠦ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠶᠡᠷᠦᠩᠬᠡᠢ ᠱᠦ᠋ᠵᠢ ᠰᠢ ᠵᠢᠨ ᠫᠢᠩ ᠤᠨ ᠲᠤᠤᠷ ᠰᠦ᠋ᠯᠵᠢᠶᠡᠨ ᠤ ᠬᠦᠴᠦᠷᠬᠡᠭ᠌ ᠤᠯᠤᠰ ᠤᠨ ᠪᠠᠢ᠌ᠯᠳ᠋ᠤᠬᠤ ᠪᠤᠳ᠋ᠤᠯᠭ᠎ᠠ ᠶᠢᠨ ᠦᠵᠡᠯ ᠰᠠᠨᠠᠭ᠎ᠠ ᠶᠢᠨ ᠲᠤᠬᠠᠢ ᠤᠢ᠌ᠯᠠᠭᠠᠯᠳ᠋ᠠ ᠶᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠦᠨ᠂ ᠲᠤᠤᠷ ᠰᠦ᠋ᠯᠵᠢᠶᠡᠨ ᠤ ᠠᠮᠤᠷ ᠲᠦ᠋ᠪᠰᠢᠨ ᠤ ᠤᠬᠠᠮᠰᠡᠷ ᠪᠠ ᠲᠤᠤᠷ ᠰᠦ᠋ᠯᠵᠢᠶᠡᠨ ᠤ ᠠᠮᠤᠷ ᠲᠦ᠋ᠪᠰᠢᠨ ᠤ ᠪᠠᠳ᠋ᠤᠯᠠᠭ᠎ᠠ ᠶᠢᠨ ᠬᠢᠷᠢ ᠲᠦ᠋ᠪᠰᠢᠨ ᠢ ᠲᠡᠭᠡᠭ᠍ᠰᠢᠯᠡᠭᠦᠯᠵᠦ᠂  ᠮᠡᠳ᠋ᠡᠭᠡ ᠵᠠᠩᠭᠢ ᠶᠢᠨ ᠠᠮᠤᠷ ᠲᠦ᠋ᠪᠰᠢᠨ ᠤ ᠴᠢᠬᠤᠯᠠ ᠴᠢᠨᠠᠷ ᠢ ᠴᠢᠩᠭ᠋ᠠᠷᠠᠭᠤᠯᠤᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ  ᠮᠡᠳ᠋ᠡᠭᠡ ᠵᠠᠩᠭᠢ ᠶᠢᠨ ᠠᠮᠤᠷ ᠲᠦ᠋ᠪᠰᠢᠨ ᠤ ᠠᠵᠢᠯ ᠢ ᠤᠯᠠᠮ ᠨᠢᠭᠡ ᠠᠯᠬᠤᠮ ᠴᠢᠩᠭ᠋ᠠᠳᠬᠠᠬᠤ ᠳᠤ ᠪᠠᠳ᠋ᠦ ᠪᠡᠬᠢ ᠰᠠᠭᠤᠷᠢ ᠶᠢ ᠲᠠᠯᠪᠢᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠤᠨᠤᠯ ᠤᠨ ᠰᠤᠷᠤᠯᠴᠠᠯᠭ᠎ᠠ ᠶᠢᠨ ᠭᠤᠤᠯ ᠲᠤᠭᠤᠢ᠌ᠯᠠᠩ ᠤᠨ ᠲᠤᠰᠬᠠᠢ ᠰᠡᠳ᠋ᠦᠪᠳ᠋ᠦ ᠰᠤᠳ᠋ᠤᠯᠤᠨ ᠶᠠᠷᠢᠯᠴᠠᠬᠤ ᠬᠤᠷᠠᠯ ᠬᠤᠷᠠᠯᠳ᠋ᠤᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠲᠦ᠋ᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳ᠋ᠤᠭᠤᠯᠪᠠ