ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠪᠦᠬᠦ ᠬᠤᠰᠢᠭᠤᠨ ᠤ 《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠤᠷᠴᠢᠨ ᠲᠤᠭᠤᠷᠢᠨ ᠤ ᠬᠠᠮᠠᠭᠠᠯᠠᠯᠳ᠋ᠠ ᠶᠢᠨ ᠬᠠᠦᠯᠢ》 ᠶᠢ ᠬᠡᠷᠡᠭ᠍ᠵᠢᠭᠦᠯᠦᠭ᠍ᠰᠡᠨ ᠪᠠᠢ᠌ᠳ᠋ᠠᠯ ᠳᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠬᠢᠪᠡ
ᠮᠠᠨ ᠤ ᠬᠤᠰᠢᠭᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠪᠠᠢ᠌ᠳ᠋ᠠᠯ ᠢ ᠪᠦᠬᠦ ᠲᠠᠯ᠎ᠠ ᠪᠠᠷ ᠤᠢ᠌ᠯᠠᠭᠠᠨ ᠡᠵᠡᠮᠰᠢᠵᠦ᠂ ᠠᠮᠢ ᠠᠬᠤᠢ ᠶᠢᠨ ᠪᠤᠯᠪᠠᠰᠤᠨ ᠤ ᠪᠠᠢ᠌ᠭᠤᠯᠤᠯᠳ᠋ᠠ ᠶᠢ ᠲᠠᠰᠤᠷᠠᠯᠳ᠋ᠠ ᠦᠭᠡᠶ ᠠᠬᠢᠭᠤᠯᠬᠤ ᠶᠢᠨ ᠲᠦ᠋ᠯᠦᠭᠡ᠂ ᠤᠢ᠌ᠷ᠎ᠠ ᠶᠢᠨ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ ᠢ ᠲᠠᠭᠠᠭᠤᠯᠤᠨ ᠪᠦᠬᠦ ᠬᠤᠰᠢᠭᠤᠨ ᠤ《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠤᠷᠴᠢᠨ ᠲᠤᠭᠤᠷᠢᠨ ᠤ ᠬᠠᠮᠠᠭᠠᠯᠠᠯᠳ᠋ᠠ ᠶᠢᠨ ᠬᠠᠦᠯᠢ》 ᠶᠢ ᠬᠡᠷᠡᠭ᠍ᠵᠢᠭᠦᠯᠦᠭ᠍ᠰᠡᠨ ᠪᠠᠢ᠌ᠳ᠋ᠠᠯ ᠳᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠬᠢᠪᠡ᠃ ᠬᠤᠰᠢᠭᠤᠨ ᠲᠡᠳ᠋ ᠲᠠᠷᠤᠭ᠎ᠠ ᠯᠢ ᠶᠦ᠋ᠩ ᠬᠠᠢ ᠵᠢᠴᠢ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ ᠤᠷᠤᠯᠴᠠᠪᠠ᠃

ᠬᠠᠦᠯᠢ ᠬᠡᠷᠡᠭ᠍ᠵᠢᠭᠦᠯᠦᠯᠳ᠋ᠡ ᠶᠢ ᠪᠠᠢ᠌ᠴᠠᠭᠠᠬᠤ ᠲᠤᠭᠤᠢ᠌ᠯᠠᠩ ᠤᠷᠢᠳ ᠬᠤᠵᠢᠳ ᠬᠤᠰᠢᠭᠤᠨ ᠤ ᠪᠤᠬᠢᠷ ᠤᠰᠤ ᠰᠢ᠌ᠳᠪᠦᠷᠢᠯᠡᠬᠦ ᠦᠷᠳ᠋ᠡᠭᠡ᠂ ᠠᠮᠢᠳ᠋ᠤᠷᠠᠯ ᠤᠨ ᠬᠤᠭ ᠨᠤᠪᠰᠢ ᠶᠢ ᠪᠤᠬᠢᠷᠳ᠋ᠤᠯ ᠦᠭᠡᠶ ᠰᠢ᠌ᠳᠪᠦᠷᠢᠯᠡᠬᠦ ᠲᠦ᠋ᠪ᠂ ᠵᠠᠬᠠᠨᠠᠭᠤᠷ ᠨᠡᠭᠦᠷᠡᠰᠦᠨ ᠤ ᠦᠢᠯᠡᠰ ᠤᠨ ᠬᠢᠵᠠᠭᠠᠷᠳ᠋ᠤ ᠺᠤᠮᠫᠠᠨᠢ᠂ ᠦᠪᠦᠷ ᠮᠤᠩᠭ᠋ᠤᠯ ᠤᠨ ᠬᠤᠤᠯᠢᠩᠭ᠋ᠤᠤᠯ ᠨᠡᠭᠦᠷᠡᠰᠦᠨ ᠤ ᠬᠤᠩ ᠵᠢᠶᠦ᠋ᠨ ᠬᠦᠩᠭᠡᠨᠴᠠᠭᠠᠨ ᠴᠠᠬᠢᠯᠭᠠᠨ ᠤ ᠬᠢᠵᠠᠭᠠᠷᠳ᠋ᠤ ᠬᠠᠷᠢᠭᠤᠴᠠᠯᠭᠠᠳ᠋ᠤ ᠺᠤᠮᠫᠠᠨᠢ ᠶᠢᠨ ᠵᠠᠬᠠᠨᠠᠭᠤᠷ ᠤᠨ ᠬᠤᠪᠢᠶᠠᠷᠢ ᠺᠤᠮᠫᠠᠨᠢ ᠵᠡᠷᠭᠡ ᠭᠠᠵᠠᠷ ᠲᠤ ᠬᠦᠷᠴᠦ᠂ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ᠂ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠲᠠᠮᠵᠢᠨ ᠮᠠᠨ ᠤ ᠬᠤᠰᠢᠭᠤᠨ ᠤ《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠤᠷᠴᠢᠨ ᠲᠤᠭᠤᠷᠢᠨ ᠤ ᠬᠠᠮᠠᠭᠠᠯᠠᠯᠳ᠋ᠠ ᠶᠢᠨ ᠬᠠᠦᠯᠢ》 ᠶᠢ ᠰᠤᠷᠤᠯᠴᠠᠵᠤ ᠲᠤᠭᠤᠰᠢᠯᠠᠭᠤᠯᠤᠭᠰᠠᠨ ᠪᠠ ᠠᠵᠤ ᠠᠬᠤᠢ᠌ᠯᠠᠯ ᠤᠨ ᠪᠤᠬᠢᠷ ᠤᠰᠤ᠂ ᠤᠳ᠋ᠤᠭᠠ ᠲᠤᠭᠤᠰᠤ᠂ ᠬᠠᠶᠠᠭᠳ᠋ᠠᠮᠠᠯ ᠰᠢᠭᠠᠷᠤ ᠶᠢ ᠭᠠᠳ᠋ᠠᠭᠰᠢᠯᠠᠭᠤᠯᠬᠤ᠂ ᠭᠤᠤᠯ ᠬᠤᠳ᠋ᠠ ᠶᠢᠨ ᠲᠤᠭᠤᠷᠢᠭ ᠤᠨ ᠠᠮᠢᠳ᠋ᠤᠷᠠᠯ ᠤᠨ ᠬᠤᠭ ᠨᠤᠪᠰᠢ ᠶᠢ ᠵᠠᠰᠠᠬᠤ᠂ ᠬᠦᠷᠦᠰᠦ ᠰᠢᠷᠤᠢ ᠶᠢᠨ ᠬᠠᠮᠠᠭᠠᠯᠠᠬᠤ ᠠᠵᠢᠯ ᠢ ᠦᠷᠨᠢᠭᠦᠯᠦᠭ᠍ᠰᠡᠨ ᠵᠡᠷᠭᠡ ᠪᠠᠢ᠌ᠳ᠋ᠠᠯ ᠢ ᠨᠠᠷᠢᠯᠢᠭ ᠤᠢ᠌ᠯᠠᠭᠠᠪᠠ᠃
ᠲᠤᠬᠠᠢ ᠶᠢᠨ ᠲᠠᠯᠠᠪᠤᠷ ᠢ ᠪᠠᠢ᠌ᠴᠠᠭᠠᠵᠤ ᠲᠠᠭᠤᠰᠤᠭᠰᠠᠨ ᠤ ᠲᠠᠷᠠᠭ᠎ᠠ ᠰᠠᠭᠤᠳ᠋ᠠᠯ ᠤᠨ ᠬᠤᠷᠠᠯ ᠬᠤᠷᠠᠯᠳ᠋ᠤᠭᠤᠯᠤᠨ᠂ ᠵᠠᠩ ᠶᠦ᠋ᠩ ᠴᠢᠶᠠᠩ ᠡᠴᠡ᠂ ᠶᠡᠷᠦᠩᠬᠡᠢ ᠱᠦ᠋ᠵᠢ ᠰᠢ ᠵᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 《ᠬᠦᠭᠡᠮᠳ᠋ᠦᠭ᠌ ᠨᠤᠭᠤᠭᠠᠨ ᠠᠭᠤᠯᠠ ᠤᠰᠤ ᠪᠤᠯ ᠠᠯᠳ᠋ᠠ ᠮᠦ᠋ᠩᠭᠦᠨ ᠠᠭᠤᠯᠠ ᠮᠦ᠋ᠨ》 ᠭᠡᠬᠦ ᠬᠦᠭ᠍ᠵᠢᠯᠳ᠋ᠡ ᠶᠢᠨ ᠤᠢ᠌ᠯᠠᠭᠠᠭᠳ᠋ᠠᠬᠤᠨ ᠢ ᠪᠠᠳ᠋ᠤ ᠪᠤᠢ ᠪᠤᠯᠭᠠᠨ᠂ ᠪᠤᠬᠢᠷᠳ᠋ᠤᠯ ᠦᠭᠡᠶ ᠬᠦᠭ᠍ᠵᠢᠯᠳ᠋ᠡ ᠶᠢᠨ ᠤᠯᠤᠰ ᠲᠦ᠋ᠷᠦ ᠶᠢᠨ ᠡᠭᠦᠷᠭᠡ ᠬᠠᠷᠢᠭᠤᠴᠠᠯᠭ᠎ᠠ ᠶᠢ ᠦᠷᠭᠦᠯᠵᠢᠯᠡᠨ ᠴᠢᠩᠭ᠋ᠠᠳᠬᠠᠵᠤ᠂ 《ᠬᠠᠮᠠᠭᠠᠯᠠᠬᠤ ᠶᠢ ᠤᠷᠢᠳ᠋ᠠᠪᠠᠷ ᠪᠤᠳ᠋ᠤᠯᠬᠢᠯᠠᠬᠤ᠂ ᠪᠤᠬᠢᠷᠳ᠋ᠤᠯ ᠦᠭᠡᠶ ᠬᠦᠭ᠍ᠵᠢᠭᠦᠯᠬᠦ》 ᠪᠠᠢ᠌ᠯᠳ᠋ᠤᠬᠤ ᠪᠤᠳ᠋ᠤᠯᠭ᠎ᠠ ᠶᠢᠨ ᠲᠤᠭᠳ᠋ᠠᠮᠠᠯ ᠬᠦᠴᠦᠨ ᠢ ᠪᠠᠳ᠋ᠤᠳᠬᠠᠨ᠂ ᠬᠠᠮᠠᠭᠠᠯᠠᠬᠤ ᠪᠠ ᠬᠦᠭ᠍ᠵᠢᠭᠦᠯᠬᠦ ᠶᠢᠨ ᠬᠠᠷᠢᠴᠠᠭ᠎ᠠ ᠶᠢ ᠵᠦ᠋ᠪ ᠰᠢ᠌ᠳᠪᠦᠷᠢᠯᠡᠵᠦ᠂ ᠠᠮᠢ ᠠᠬᠤᠢ ᠪᠤᠯᠪᠠᠰᠤᠨ ᠤ ᠪᠦᠳ᠋ᠦᠭᠡᠨ ᠪᠠᠢ᠌ᠭᠤᠯᠤᠯᠳ᠋ᠠ ᠶᠢᠨ ᠲᠠᠭᠠᠭᠤᠯᠤᠭᠴᠢ ᠶᠢᠨ 《ᠭᠤᠤᠯ ᠠᠭᠤᠯᠭ᠎ᠠ ᠪᠤᠯ ᠬᠠᠮᠠᠭᠠᠯᠠᠬᠤ ᠶᠠᠪᠤᠳ᠋ᠠᠯ ᠮᠦ᠋ᠨ》 ᠭᠡᠬᠦ ᠱᠠᠭᠠᠷᠳ᠋ᠠᠯᠭ᠎ᠠ ᠶᠢ ᠪᠤᠳ᠋ᠠᠳ᠋ᠠᠢ ᠳᠤ ᠨᠠᠢ᠌ᠳ᠋ᠠᠪᠤᠷᠢᠵᠢᠭᠤᠯᠬᠤ ᠬᠡᠷᠡᠭ᠍ᠳ᠋ᠠᠢ ᠭᠡᠵᠦ ᠱᠠᠭᠠᠷᠳ᠋ᠠᠪᠠ᠃ (ᠨᠠᠢ᠌ᠷᠠᠭᠤᠯᠤᠭᠴᠢ᠄ ᠯᠸᠢ ᠫᠠᠩ)