ᠯᠦ᠋ᠪᠸᠢ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠬᠦᠳ᠋ᠦᠯᠦᠨ ᠲᠠᠭᠠᠭᠤᠯᠤᠭᠴᠢ ᠦᠢᠯᠡᠳ᠋ᠦᠯ ᠢ ᠭᠦᠢᠴᠡᠳ ᠪᠠᠳ᠋ᠠᠷᠠᠭᠤᠯᠤᠨ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠶᠢ ᠠᠬᠢᠭᠤᠯᠬᠤ ᠳᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠦᠴᠦᠨ ᠴᠢᠳ᠋ᠠᠯ ᠶᠢᠡᠨ ᠡᠷᠭᠦᠵᠦ ᠪᠠᠢ᠌ᠨ᠎ᠠ


ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠤᠷᠳ᠋ᠤᠨ ᠤ ᠦᠬᠡᠷ ᠤᠨ ᠪᠦᠬᠦ ᠠᠵᠦ ᠦᠢᠯᠡᠰ ᠤᠨ ᠬᠡᠯᠬᠢᠶ᠎ᠠ ᠶᠢ ᠲᠦ᠋ᠷᠭᠡᠳᠭᠡᠨ ᠬᠦᠭ᠍ᠵᠢᠭᠦᠯᠬᠦ ᠲᠤᠬᠠᠢ ᠪᠠᠢ᠌ᠷᠢᠯᠠᠭᠤᠯᠤᠯᠳ᠋ᠠ ᠶᠢᠨ ᠱᠠᠭᠠᠷᠳ᠋ᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠵᠤ᠂ ᠯᠦ᠋ᠪᠸᠢ ᠪᠠᠯᠭᠠᠰᠤᠨ ᠤ ᠦᠬᠡᠷ ᠤᠨ ᠠᠵᠤ ᠦᠢᠯᠡᠰ ᠢ ᠪᠤᠢ᠌ᠵᠢᠭᠤᠯᠤᠨ ᠪᠤᠵᠠᠭᠠᠢ᠌ᠷᠠᠭᠤᠯᠬᠤ ᠶᠢᠨ ᠲᠦ᠋ᠯᠦᠭᠡ᠂ ᠯᠦ᠋ᠪᠸᠢ ᠪᠠᠯᠭᠠᠰᠤᠨ ᠤ ᠡᠯ᠎ᠠ ᠱᠠᠳ᠋ᠤᠨ ᠤ ᠲᠦ᠋ᠯᠦᠭᠡᠯᠡᠭ᠍ᠴᠢᠳ ᠬᠠᠦᠯᠢ ᠶᠤᠰᠤᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠂ ᠦᠬᠡᠷ ᠤᠨ ᠠᠵᠤ ᠦᠢᠯᠡᠰ ᠤᠨ ᠴᠢᠨᠠᠷ ᠰᠠᠢ᠌ᠳ᠋ᠠᠢ᠂ ᠦᠨᠳ᠋ᠦᠷ ᠦᠷ᠎ᠠ ᠠᠰᠢᠭᠳ᠋ᠠᠢ ᠭᠦᠭ᠍ᠵᠢᠯᠳ᠋ᠡ ᠶᠢ ᠵᠤᠬᠢᠴᠠᠭᠤᠯᠤᠨ ᠠᠬᠢᠭᠤᠯᠵᠤ᠂ ᠠᠷᠠᠳ ᠤᠨ ᠲᠦ᠋ᠯᠦᠭᠡᠯᠡᠭ᠍ᠴᠢᠳ ᠤᠨ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠳᠤ ᠲᠠᠢ᠌ᠴᠢᠯᠠᠨ ᠲᠡᠮᠵᠢᠬᠦ ᠦᠢᠯᠡᠳ᠋ᠦᠯ ᠢ ᠭᠦᠢᠴᠡᠳ ᠪᠠᠳ᠋ᠠᠷᠠᠭᠤᠯᠤᠨ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠪᠠᠢ᠌ᠯᠳ᠋ᠤᠬᠤ ᠪᠤᠳ᠋ᠤᠯᠭ᠎ᠠ ᠶᠢᠨ ᠬᠡᠷᠡᠭ᠍ᠵᠢᠭᠦᠯᠦᠯᠳ᠋ᠡ ᠶᠢ ᠠᠬᠢᠭᠤᠯᠬᠤ ᠳᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠦᠴᠦᠨ ᠴᠢᠳ᠋ᠠᠯ ᠶᠢᠡᠨ ᠡᠷᠭᠦᠵᠦ ᠪᠠᠢ᠌ᠨ᠎ᠠ᠃


ᠲᠦ᠋ᠯᠦᠭᠡᠯᠡᠭ᠍ᠴᠢᠳ ᠤᠨ ᠬᠦᠳ᠋ᠦᠯᠦᠨ ᠲᠠᠭᠠᠭᠤᠯᠤᠭᠴᠢ ᠦᠢᠯᠡᠳ᠋ᠦᠯ ᠢ ᠭᠦᠢᠴᠡᠳ ᠪᠠᠳ᠋ᠠᠷᠠᠭᠤᠯᠤᠨ᠂ ᠠᠵᠤ ᠦᠢᠯᠡᠰ ᠤᠨ ᠬᠦᠭ᠍ᠵᠢᠯᠳ᠋ᠡ ᠳᠤ ᠬᠦᠴᠦᠨ ᠨᠡᠮᠡᠷᠢᠯᠡᠬᠦ ᠶᠢ ᠴᠢᠩᠭ᠋ᠠᠳᠬᠠᠪᠠ᠃ ᠲᠦ᠋ᠯᠦᠭᠡᠯᠡᠭ᠍ᠴᠢᠳ ᠤᠨ ᠬᠦᠭᠦᠷᠭᠡ ᠬᠤᠯᠪᠤᠭᠠᠰᠤ ᠶᠢᠨ ᠦᠢᠯᠡᠳ᠋ᠦᠯ ᠢ ᠭᠦᠢᠴᠡᠳ ᠪᠠᠳ᠋ᠠᠷᠠᠭᠤᠯᠤᠨ᠂ ᠠᠵᠤ ᠦᠢᠯᠡᠰ ᠤᠨ ᠬᠦᠭ᠍ᠵᠢᠯᠳ᠋ᠡ ᠳᠤ ᠬᠤᠪᠢ ᠨᠡᠮᠡᠷᠢ ᠦᠵᠡᠭᠦᠯᠪᠡ᠃ ᠲᠦ᠋ᠯᠦᠭᠡᠯᠡᠭ᠍ᠴᠢᠳ ᠤᠨ ᠬᠢᠨᠠᠨ ᠵᠢᠯᠤᠭᠤᠳᠬᠤ ᠦᠢᠯᠡᠳ᠋ᠦᠯ ᠢ ᠪᠠᠳ᠋ᠠᠷᠠᠭᠤᠯᠤᠨ᠂ ᠠᠵᠤ ᠦᠢᠯᠡᠰ ᠤᠨ ᠬᠦᠭ᠍ᠵᠢᠯᠳ᠋ᠡ ᠶᠢ ᠪᠠᠳ᠋ᠤᠯᠠᠪᠠ᠃ (ᠨᠠᠢ᠌ᠷᠠᠭᠤᠯᠤᠭᠴᠢ᠄ ᠯᠸᠢ ᠫᠠᠩ)