ᠯᠦ᠋ᠪᠸᠢ ᠪᠠᠯᠭᠠᠰᠤ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠦᠬᠡᠷ ᠤᠨ ᠠᠵᠤ ᠦᠢᠯᠡᠰ ᠤᠨ ᠲᠤᠷᠰᠢᠯᠭ᠎ᠠ ᠰᠤᠯᠢᠯᠴᠠᠬᠤ ᠲᠤᠬᠠᠢ ᠶᠢᠨ ᠲᠠᠯᠠᠪᠤᠷ ᠤᠨ ᠲᠤᠭᠤᠷᠢᠨ ᠦᠵᠡᠬᠦ ᠠᠵᠢᠯᠯᠠᠭ᠎ᠠ ᠦᠷᠨᠢᠭᠦᠯᠪᠡ


ᠪᠦᠬᠦ ᠪᠠᠯᠭᠠᠰᠤᠨ ᠤ ᠦᠬᠡᠷ ᠤᠨ ᠠᠵᠤ ᠦᠢᠯᠡᠰ ᠢ ᠪᠤᠢ᠌ᠵᠢᠭᠤᠯᠤᠨ ᠪᠤᠵᠠᠭᠠᠢ᠌ᠷᠠᠭᠤᠯᠵᠤ᠂ ᠬᠦᠳ᠋ᠡᠭᠡ ᠲᠤᠰᠬᠤᠨ ᠤ ᠠᠵᠤ ᠦᠢᠯᠡᠰ ᠤᠨ ᠬᠦᠭ᠍ᠵᠢᠯᠳ᠋ᠡ ᠶᠢ ᠲᠦ᠋ᠷᠭᠡᠳᠭᠡᠨ ᠠᠬᠢᠭᠤᠯᠵᠤ᠂ ᠦᠷᠭᠡᠨ ᠤᠯᠠᠨ ᠠᠷᠠᠳ ᠲᠦ᠋ᠮᠡᠨ ᠢ ᠲᠠᠢ᠌ᠴᠢᠯᠠᠨ ᠤᠷᠤᠯᠭ᠎ᠠ ᠶᠢ ᠨᠢ ᠨᠡᠮᠡᠭ᠍ᠳ᠋ᠡᠭᠦᠯᠦᠨ ᠴᠢᠨᠡᠭᠡᠯᠢᠭ᠍ᠵᠢᠭᠦᠯᠬᠦ ᠶᠢᠨ ᠲᠦ᠋ᠯᠦᠭᠡ᠂ 5 ᠰᠠᠷ᠎ᠠ ᠶᠢᠨ 5 ᠤ ᠡᠳ᠋ᠦᠷ᠂ ᠯᠦ᠋ᠪᠸᠢ ᠪᠠᠯᠭᠠᠰᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠦᠬᠡᠷ ᠤᠨ ᠠᠵᠤ ᠦᠢᠯᠡᠰ ᠤᠨ ᠲᠤᠷᠰᠢᠯᠭ᠎ᠠ ᠰᠤᠯᠢᠯᠴᠠᠬᠤ ᠲᠤᠬᠠᠢ ᠶᠢᠨ ᠲᠠᠯᠠᠪᠤᠷ ᠤᠨ ᠲᠤᠭᠤᠷᠢᠨ ᠦᠵᠡᠬᠦ ᠠᠵᠢᠯᠯᠠᠭ᠎ᠠ ᠦᠷᠨᠢᠭᠦᠯᠦᠨ᠂ ᠬᠤᠰᠢᠭᠤᠨ ᠤ ᠨᠠᠮ ᠤᠨ ᠬᠤᠷᠢᠶᠠᠨ ᠤ ᠪᠠᠢ᠌ᠩᠭ᠋ᠤ ᠶᠢᠨ ᠭᠡᠰᠢᠭᠦᠨ᠂ ᠬᠤᠰᠢᠭᠤᠨ ᠤ ᠨᠠᠮ ᠤ ᠬᠤᠷᠢᠶᠠᠨ ᠤ ᠠᠯᠪᠠᠨ ᠭᠡᠷ ᠤᠨ ᠡᠷᠬᠢᠯᠡᠭ᠍ᠴᠢ᠂ ᠯᠦ᠋ᠪᠸᠢ ᠪᠠᠯᠭᠠᠰᠤᠨ ᠤ ᠨᠠᠮ ᠤᠨ ᠬᠤᠷᠢᠶᠠᠨ ᠤ ᠱᠦ᠋ᠵᠢ᠂ ᠠᠷᠠᠳ ᠤᠨ ᠲᠦ᠋ᠯᠦᠭᠡᠯᠡᠭ᠍ᠴᠢ ᠪᠠᠢ ᠶᠠᠨ ᠰᠢᠦᠸᠠᠢ ᠲᠤᠭᠤᠢ᠌ᠯᠠᠩ ᠢ ᠲᠠᠭᠠᠭᠤᠯᠵᠤ᠂ ᠬᠤᠳ᠋ᠠ᠂ ᠬᠤᠰᠢᠭᠤ᠂ ᠪᠠᠯᠭᠠᠰᠤ ᠭᠤᠷᠪᠠᠨ ᠱᠠᠳ᠋ᠤᠨ ᠤ 30 ᠭᠠᠷᠤᠢ ᠠᠷᠠᠳ ᠤᠨ ᠲᠦ᠋ᠯᠦᠭᠡᠯᠡᠭ᠍ᠴᠢᠳ ᠲᠤᠭᠤᠷᠢᠨ ᠦᠵᠡᠬᠦ ᠳᠤ ᠤᠷᠤᠯᠴᠠᠪᠠ᠃
ᠠᠷᠠᠳ ᠤᠨ ᠲᠦ᠋ᠯᠦᠭᠡᠯᠡᠭ᠍ᠴᠢᠳ ᠤᠷᠢᠳ ᠬᠤᠵᠢᠳ ᠯᠦ᠋ᠪᠸᠢ ᠪᠠᠯᠭᠠᠰᠤᠨ ᠤ ᠵᠦ᠋ᠩ ᠰᠢᠩ ᠲᠤᠰᠬᠤᠨ ᠤ ᠬᠤᠩ ᠶᠦ᠋ᠨ ᠺᠠᠢ ᠨᠢᠶᠠᠨ ᠲᠡᠵᠢᠭᠡᠨ ᠦᠷᠡᠵᠢᠭᠦᠯᠬᠦ ᠲᠠᠯᠠᠪᠠᠢ᠂ ᠵᠦ᠋ᠩ ᠰᠢᠩ ᠮᠠᠯᠵᠢᠯ ᠤᠨ ᠲᠠᠯᠠᠪᠠᠢ ᠶᠢᠨ ᠲᠡᠵᠢᠭᠡᠨ ᠦᠷᠡᠵᠢᠭᠦᠯᠬᠦ ᠪᠠᠭ᠎ᠠ ᠲᠤᠭᠤᠷᠢᠭ᠂ ᠡᠾᠦ᠋ᠢ ᠸᠠᠩ ᠲᠡᠵᠢᠭᠡᠨ ᠦᠷᠡᠵᠢᠭᠦᠯᠬᠦ ᠲᠠᠯᠠᠪᠠᠢ᠂ ᠬᠠᠷ᠎ᠠ ᠪᠤᠯᠤᠩ ᠲᠤᠰᠬᠤᠨ ᠤ ᠳ᠋ᠦ᠋ᠩ ᠡᠾᠸ ᠱᠸᠩ ᠲᠡᠶ ᠲᠡᠵᠢᠭᠡᠨ ᠦᠷᠡᠵᠢᠭᠦᠯᠬᠦ ᠲᠠᠯᠠᠪᠠᠢ᠂ ᠰᠢᠶᠤᠤ ᠡᠾᠸᠢ ᠱᠠᠨ ᠲᠤᠰᠬᠤᠨ ᠤ ᠹᠸᠩ ᠶᠤᠸᠠᠨ ᠠᠷᠠᠯᠵᠢᠶ᠎ᠠ ᠬᠤᠳ᠋ᠠᠯᠳ᠋ᠤᠭᠠᠨ ᠤ ᠺᠤᠮᠫᠠᠨᠢ ᠪᠠ ᠲᠡᠵᠢᠭᠡᠨ ᠦᠷᠡᠵᠢᠭᠦᠯᠬᠦ ᠡᠷᠦᠭᠡ ᠴᠸᠨ ᠬᠤᠸᠠᠨ ᠴᠢᠦ ᠶᠢᠨ ᠭᠡᠷ ᠲᠤ ᠬᠦᠷᠴᠦ ᠲᠤᠬᠠᠢ ᠶᠢᠨ ᠲᠠᠯᠠᠪᠤᠷ ᠲᠤᠨᠢ ᠲᠤᠭᠤᠷᠢᠨ ᠦᠵᠡᠪᠡ᠃ (ᠨᠠᠢ᠌ᠷᠠᠭᠤᠯᠤᠭᠴᠢ᠄ ᠯᠸᠢ ᠫᠠᠩ)