5 ᠰᠠᠷ᠎ᠠ ᠶᠢᠨ 9 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠤ ᠲᠦ᠋ᠪᠰᠢᠨ ᠭᠠᠴᠠᠭᠠᠨ ᠳᠤ ᠬᠦᠷᠴᠦ《ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢ ᠠᠬᠢᠭᠤᠯᠬᠤ ᠲᠦ᠋ᠷᠢᠮ》 ᠢ ᠲᠤᠭᠤᠰᠢᠯᠠᠭᠤᠯᠵᠤ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠪᠠ ᠦᠬᠡᠷ ᠤᠨ ᠠᠵᠤ ᠦᠢᠯᠡᠰ ᠤᠨ ᠬᠦᠭ᠍ᠵᠢᠯᠳ᠋ᠡ᠂ ᠬᠦᠳ᠋ᠡᠭᠡ ᠲᠤᠰᠬᠤᠨ ᠤ ᠵᠢᠭᠤᠯᠴᠢᠯᠠᠯ ᠤᠨ ᠦᠢᠯᠡᠰ ᠤᠨ ᠪᠦᠳ᠋ᠦᠭᠡᠨ ᠪᠠᠢ᠌ᠭᠤᠯᠤᠯᠳ᠋ᠠ ᠵᠡᠷᠭᠡ ᠪᠠᠢ᠌ᠳ᠋ᠠᠯ ᠢ ᠪᠠᠢ᠌ᠴᠠᠭᠠᠨ ᠰᠤᠳ᠋ᠤᠯᠪᠠ᠃

ᠲᠦ᠋ᠪᠰᠢᠨ ᠭᠠᠴᠠᠭᠠᠨ ᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢ ᠠᠬᠢᠭᠤᠯᠬᠤ ᠤᠬᠠᠭᠤᠯᠭ᠎ᠠ ᠶᠢᠨ ᠤᠷᠳ᠋ᠤ ᠬᠤᠩᠭᠢᠯ ᠳᠤ᠂ ᠡᠦ ᠴᠢᠩ ᠬᠠᠢ ᠭᠠᠴᠠᠭᠠᠨ ᠤ ᠬᠠᠷᠢᠭᠤᠴᠠᠯᠭᠠᠳ᠋ᠠᠨ ᠤ ᠠᠵᠢᠯ ᠦᠷᠨᠢᠭᠦᠯᠦᠭ᠍ᠰᠡᠨ ᠬᠠᠷᠢᠭᠤ ᠮᠡᠳ᠋ᠡᠭᠦᠯᠦᠯᠳ᠋ᠡ ᠶᠢ ᠨᠠᠷᠢᠨ ᠬᠢᠨᠠᠮᠠᠭᠠᠢ ᠰᠤᠨᠤᠰᠤᠭᠰᠠᠨ ᠪᠦᠭᠡᠳ ᠲᠦ᠋ᠪᠰᠢᠨ ᠭᠠᠴᠠᠭᠠᠨ ᠤ ᠤᠢ᠌ᠷ᠎ᠠ ᠶᠢᠨ ᠵᠢᠯ ᠤᠨ ᠲᠤᠷᠰᠢ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠴᠤᠭᠴᠠ ᠶᠢᠨ ᠤᠬᠠᠮᠰᠡᠷ ᠢ ᠪᠠᠳ᠋ᠤ ᠴᠤᠭᠴᠠᠯᠠᠬᠤ ᠶᠢᠨ ᠲᠤᠭᠤᠷᠢᠨ ᠳᠤ᠂ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢ ᠪᠦᠬᠦ ᠲᠠᠯ᠎ᠠ ᠪᠠᠷ ᠭᠦᠨᠵᠡᠭᠡᠢ ᠦᠷᠭᠦᠯᠵᠢᠯᠡᠨ ᠦᠷᠨᠢᠭᠦᠯᠵᠦ᠂ ᠦᠨᠳ᠋ᠦᠰᠦᠳ᠋ᠡᠨ ᠨᠦ᠋ᠭᠦᠳ ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠢ ᠭᠦᠨᠵᠡᠭᠡᠢ ᠠᠬᠢᠭᠤᠯᠤᠨ᠂ ᠪᠦᠬᠦ ᠤᠷᠤᠨ ᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢᠨ ᠵᠢᠱᠢᠶᠡᠴᠢ ᠭᠠᠴᠠᠭ᠎ᠠ ᠶᠢ ᠠᠮᠵᠢᠯᠳ᠋ᠡ ᠲᠡᠶ ᠡᠭᠦᠳ᠋ᠦᠨ ᠪᠠᠢ᠌ᠭᠤᠯᠤᠭᠰᠠᠨ ᠢ ᠭᠦᠢᠴᠡᠳ ᠨᠤᠳ᠋ᠠᠯᠠᠪᠠ᠃
ᠡᠦ ᠴᠢᠩ ᠬᠠᠢ ᠪᠠᠰᠠ ᠲᠦ᠋ᠪᠰᠢᠨ ᠭᠠᠴᠠᠭᠠᠨ ᠤ ᠲᠡᠵᠢᠭᠡᠨ ᠦᠷᠡᠵᠢᠭᠦᠯᠬᠦ ᠪᠠᠭ᠎ᠠ ᠲᠤᠭᠤᠷᠢᠭ ᠲᠤ ᠬᠦᠷᠴᠦ᠂ ᠮᠠᠯᠴᠢᠳ ᠲᠡᠶ ᠭᠦᠨᠵᠡᠭᠡᠢ ᠶᠡᠷᠢᠯᠴᠡᠨ᠂ ᠦᠢᠯᠡᠳᠪᠦᠷᠢᠯᠡᠯ ᠠᠮᠢᠳ᠋ᠤᠷᠠᠯ ᠤᠨ ᠪᠠᠢ᠌ᠳ᠋ᠠᠯ ᠪᠠ ᠲᠡᠵᠢᠭᠡᠨ ᠦᠷᠡᠵᠢᠭᠦᠯᠬᠦ ᠡᠭᠦᠯᠳ᠋ᠡᠷ᠂ ᠲᠡᠵᠢᠭᠡᠨ ᠦᠷᠡᠵᠢᠭᠦᠯᠬᠦ ᠬᠦᠷᠢᠶ᠎ᠠ ᠬᠡᠪᠴᠢᠶ᠎ᠠ᠂ ᠡᠪᠡᠰᠦ ᠪᠤᠷᠳ᠋ᠤᠭ᠎ᠠ᠂ ᠬᠠᠰᠢᠶ᠎ᠠ ᠰᠠᠷᠠᠪᠴᠢ ᠶᠢᠨ ᠲᠦ᠋ᠬᠦᠭᠡᠷᠦᠮᠵᠢ ᠶᠢᠨ ᠪᠠᠢ᠌ᠭᠤᠯᠤᠯᠳ᠋ᠠ ᠵᠢᠴᠢ ᠦᠷ᠎ᠠ ᠠᠰᠢᠭ ᠵᠡᠷᠭᠡ ᠬᠠᠮᠢᠶ᠎ᠠ ᠪᠦᠬᠦᠢ ᠪᠠᠢ᠌ᠳ᠋ᠠᠯ ᠢ ᠠᠰᠠᠭᠤᠨ ᠤᠢ᠌ᠯᠠᠭᠠᠭᠰᠠᠨ ᠪᠦᠭᠡᠳ ᠨᠠᠷᠢᠯᠢᠭᠵᠢᠭᠤᠯᠤᠭᠰᠠᠨ ᠬᠠᠮᠢᠶᠠᠷᠤᠯᠳ᠋ᠠ ᠶᠢ ᠤᠯᠠᠮ ᠨᠢᠭᠡ ᠠᠯᠬᠤᠮ ᠴᠢᠩᠭ᠋ᠠᠳᠬᠠᠨ᠂ ᠦᠬᠡᠷ ᠤᠨ ᠦᠢᠯᠡᠰ ᠤᠨ ᠬᠦᠷᠢᠶ᠎ᠠ ᠬᠡᠪᠴᠢᠶ᠎ᠠ ᠶᠢ ᠰᠢᠯᠢᠳ᠋ᠡᠭ᠍ᠵᠢᠭᠦᠯᠦᠨ ᠪᠤᠵᠠᠭᠠᠢ᠌ᠷᠠᠭᠤᠯᠬᠤ᠂ ᠡᠭᠦᠯᠳ᠋ᠡᠷ ᠢ ᠰᠠᠢ᠌ᠵᠢᠷᠠᠭᠤᠯᠬᠤ ᠵᠡᠷᠭᠡ ᠲᠠᠯ᠎ᠠ ᠪᠠᠷ ᠵᠢᠯᠤᠭᠤᠳᠬᠤ ᠴᠢᠨᠠᠷᠳ᠋ᠠᠢ ᠰᠠᠨᠠᠭᠤᠯᠭ᠎ᠠ ᠲᠤᠷᠠᠳᠪᠠ᠃ (ᠨᠠᠢ᠌ᠷᠠᠭᠤᠯᠤᠭᠴᠢ᠄ ᠯᠸᠢ ᠫᠠᠩ)