ᠤᠳᠤ ᠶᠢᠨ ᠪᠠᠢ᠌ᠷᠢ᠄ ᠴᠢᠬᠤᠯᠠ ᠮᠡᠳᠡᠭᠡ → ᠲᠦ᠋ᠩᠯᠢᠶᠤᠤ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ᠁
ᠲᠦ᠋ᠩᠯᠢᠶᠤᠤ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠵᠠᠷᠤᠳ ᠬᠤᠰᠢᠭᠤᠨ ᠳᠤ ᠬᠦᠷᠴᠦ 《ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢ ᠠᠬᠢᠭᠤᠯᠬᠤ ᠲᠦ᠋ᠷᠢᠮ》 ᠤᠨ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠦᠷᠨᠢᠭᠦᠯᠪᠡ

       
        5 ᠰᠠᠷ᠎ᠠ ᠶᠢᠨ 10 ᠤ ᠡᠳ᠋ᠦᠷ ᠡᠴᠡ 11 ᠤ ᠡᠳ᠋ᠦᠷ᠂ ᠲᠦ᠋ᠩᠯᠢᠶᠤᠤ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠭᠡᠰᠢᠭᠦᠨ᠂ ᠲᠡᠳ᠋ ᠡᠷᠬᠢᠯᠡᠭ᠍ᠴᠢ ᠪᠤᠤ ᠯᠠᠨ ᠹᠠᠩ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠦᠨᠳ᠋ᠦᠰᠦᠳ᠋ᠡᠨ ᠤ ᠬᠠᠷᠢᠶᠠᠳ᠋ᠤ ᠶᠢᠨ ᠭᠠᠳ᠋ᠠᠭᠠᠳ᠋ᠤ ᠶᠠᠪᠤᠳ᠋ᠠᠯ ᠤᠨ ᠵᠢᠭᠤᠯᠴᠢᠯᠠᠯ ᠤᠨ ᠠᠵᠢᠯ ᠤᠨ ᠵᠦ᠋ᠪᠯᠡᠯ᠂ ᠡᠳ᠋ ᠤᠨ ᠶᠠᠪᠤᠳ᠋ᠠᠯ ᠠᠵᠤ ᠠᠬᠤᠢ ᠶᠢᠨ ᠠᠵᠢᠯ ᠤᠨ ᠵᠦ᠋ᠪᠯᠡᠯ᠂ ᠬᠤᠳ᠋ᠠ ᠪᠠᠯᠭᠠᠰᠤ ᠶᠢᠨ ᠪᠦᠳ᠋ᠦᠭᠡᠨ ᠪᠠᠢ᠌ᠭᠤᠯᠤᠯᠳ᠋ᠠ ᠪᠠ ᠤᠷᠴᠢᠨ ᠲᠤᠭᠤᠷᠢᠨ ᠤ ᠡᠬᠢ ᠪᠠᠶᠠᠯᠢᠭ ᠤᠨ ᠠᠵᠢᠯ ᠤᠨ ᠵᠦ᠋ᠪᠯᠡᠯ ᠤᠨ ᠬᠠᠷᠢᠭᠤᠴᠠᠯᠭᠠᠳ᠋ᠠᠨ ᠪᠠ ᠬᠤᠳ᠋ᠠ ᠶᠢᠨ ᠱᠠᠳ᠋ᠤᠨ ᠤ ᠬᠡᠰᠡᠭ᠌ ᠠᠷᠠᠳ ᠤᠨ ᠲᠦ᠋ᠯᠦᠭᠡᠯᠡᠭ᠍ᠴᠢᠳ᠂ ᠬᠤᠳ᠋ᠠ ᠶᠢᠨ ᠦᠨᠳ᠋ᠦᠰᠦᠳ᠋ᠡᠨ ᠤ ᠬᠡᠷᠡᠭ᠌ ᠡᠷᠬᠢᠯᠡᠬᠦ ᠵᠦ᠋ᠪᠯᠡᠯ ᠤᠨ ᠬᠠᠮᠢᠶ᠎ᠠ ᠪᠦᠬᠦᠢ ᠨᠦ᠋ᠬᠦᠳ ᠶᠢᠡᠷ ᠪᠦᠷᠢᠯᠳ᠋ᠦᠭ᠍ᠰᠡᠨ ᠬᠠᠦᠯᠢ ᠬᠡᠷᠡᠭ᠍ᠵᠢᠭᠦᠯᠦᠯᠳ᠋ᠡ ᠶᠢ ᠪᠠᠢ᠌ᠴᠠᠭᠠᠬᠤ ᠲᠤᠭᠤᠢ᠌ᠯᠠᠩ ᠢ ᠲᠠᠭᠠᠭᠤᠯᠤᠨ᠂ ᠵᠠᠷᠤᠳ ᠬᠤᠰᠢᠭᠤᠨ ᠤ 《ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢ ᠠᠬᠢᠭᠤᠯᠬᠤ ᠲᠦ᠋ᠷᠢᠮ》 ᠢ ᠲᠤᠭᠤᠰᠢᠯᠠᠭᠤᠯᠵᠤ ᠨᠠᠢ᠌ᠳ᠋ᠠᠪᠤᠷᠢᠵᠢᠭᠤᠯᠤᠭᠰᠠᠨ ᠬᠠᠮᠢᠶ᠎ᠠ ᠪᠦᠬᠦᠢ ᠠᠵᠢᠯ ᠳᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠬᠢᠪᠡ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠵᠠᠩ ᠴᠦ᠋ᠨ ᠡᠾᠦ᠋ᠢ ᠪᠤᠯᠤᠨ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠬᠤᠰᠢᠭᠤᠨ ᠲᠡᠳ᠋ ᠲᠠᠷᠤᠭ᠎ᠠ ᠭᠦᠸᠸ ᠶᠠ ᠹᠸᠩ ᠵᠢᠴᠢ ᠬᠤᠰᠢᠭᠤᠨ ᠤ ᠰᠢᠭᠤᠳ ᠬᠠᠷᠢᠶ᠎ᠠ ᠬᠤᠯᠪᠤᠳ᠋ᠠᠯ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ ᠪᠠᠷ᠎ᠠ ᠪᠤᠯᠪᠠ᠃

        
         ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ ᠤᠨ ᠬᠢᠨ ᠤᠷᠢᠳ ᠬᠤᠵᠢᠳ ᠪᠠᠶᠠᠷᠳ᠋ᠤᠬᠤᠰᠢᠭᠤ ᠪᠠᠯᠭᠠᠰᠤᠨ ᠤ ᠲᠦ᠋ᠪᠰᠢᠨ ᠭᠠᠴᠠᠭ᠎ᠠ᠂ ᠬᠤᠰᠢᠭᠤᠨ ᠤ ᠰᠤᠷᠭᠠᠨ ᠬᠦᠮᠦᠵᠢᠯ ᠤᠨ ᠬᠦᠷᠢᠶᠡᠯᠡᠩ ᠲᠤᠭᠤᠷᠢᠭ ᠤᠨ ᠬᠡᠦᠭᠡᠳ ᠤᠨ ᠴᠡᠴᠡᠷᠯᠢᠭ᠌᠂ ᠯᠦ᠋ᠪᠸᠢ ᠵᠡᠭᠡᠯᠢ ᠭᠤᠳ᠋ᠤᠮᠵᠢ ᠶᠢᠨ ᠹᠦ᠋ ᠯᠢ ᠴᠦ᠋ᠨ ᠴᠸᠩ ᠨᠡᠢ᠌ᠭᠡᠮ ᠲᠤᠭᠤᠷᠢᠭ᠂ ᠬᠤᠰᠢᠭᠤᠨ ᠤ ᠭᠠᠯ ᠰᠡᠷᠭᠡᠢ᠌ᠯᠡᠵᠦ ᠭᠠᠯ ᠤᠨᠳ᠋ᠠᠷᠭᠠᠬᠤ ᠠᠪᠤᠷᠠᠨ ᠲᠤᠰᠠᠯᠠᠬᠤ ᠶᠡᠬᠡ ᠠᠩᠬᠢ ᠵᠡᠷᠭᠡ ᠭᠠᠵᠠᠷ ᠲᠤ ᠬᠦᠷᠴᠦ᠂ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ᠂ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ ᠵᠡᠷᠭᠡ ᠬᠡᠯᠪᠡᠷᠢ ᠪᠠᠷ ᠲᠠᠮᠵᠢᠨ ᠵᠠᠷᠤᠳ ᠬᠤᠰᠢᠭᠤᠨ ᠤ 《ᠲᠦ᠋ᠷᠢᠮ》 ᠢ ᠲᠤᠭᠤᠰᠢᠯᠠᠭᠤᠯᠵᠤ ᠬᠡᠷᠡᠭ᠍ᠵᠢᠭᠦᠯᠦᠭ᠍ᠰᠡᠨ ᠪᠠᠢ᠌ᠳ᠋ᠠᠯ ᠢ ᠨᠠᠷᠢᠯᠢᠭ ᠤᠢ᠌ᠯᠠᠭᠠᠭᠰᠠᠨ ᠪᠦᠭᠡᠳ ᠰᠠᠭᠤᠳ᠋ᠠᠯ ᠤᠨ ᠬᠤᠷᠠᠯ ᠬᠤᠷᠠᠯᠳ᠋ᠤᠭᠤᠯᠵᠤ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠠᠵᠢᠯ ᠤᠨ ᠬᠠᠷᠢᠭᠤ ᠮᠡᠳ᠋ᠡᠭᠦᠯᠦᠯᠳ᠋ᠡ ᠶᠢ ᠰᠤᠨᠤᠰᠴᠦ᠂ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠶᠢᠨ ᠪᠤᠳ᠋ᠠᠳ᠋ᠤ ᠪᠠᠢ᠌ᠳ᠋ᠠᠯ ᠲᠡᠶ ᠤᠶᠠᠯᠳ᠋ᠤᠭᠤᠯᠤᠨ ᠬᠤᠷᠠᠯ ᠳᠤ ᠤᠷᠤᠯᠴᠠᠭᠰᠡᠳ ᠲᠡᠶ ᠰᠠᠨᠠᠯ ᠶᠢᠡᠨ ᠭᠦᠨᠵᠡᠭᠡᠢ ᠰᠤᠯᠢᠯᠴᠠᠭᠰᠠᠨ ᠪᠦᠭᠡᠳ ᠵᠢᠯᠤᠭᠤᠳᠬᠤ ᠴᠢᠨᠠᠷᠳ᠋ᠠᠢ ᠰᠠᠨᠠᠭᠤᠯᠭ᠎ᠠ ᠲᠤᠷᠠᠳᠪᠠ᠃  


       
         ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ ᠤᠨ ᠬᠢᠨ ᠵᠠᠷᠤᠳ ᠬᠤᠰᠢᠭᠤᠨ ᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢ ᠡᠭᠦᠳ᠋ᠦᠨ ᠪᠠᠢ᠌ᠭᠤᠯᠬᠤ ᠠᠵᠢᠯ ᠤᠨ ᠤᠯᠤᠭᠰᠠᠨ ᠦᠷ᠎ᠠ ᠪᠦᠳ᠋ᠦᠮᠵᠢ ᠵᠢᠴᠢ 《ᠲᠦ᠋ᠷᠢᠮ》 ᠢ ᠲᠤᠭᠤᠰᠢᠯᠠᠭᠤᠯᠵᠤ ᠬᠡᠷᠡᠭ᠍ᠵᠢᠭᠦᠯᠦᠭ᠍ᠰᠡᠨ ᠠᠵᠢᠯ ᠤᠨ ᠪᠠᠢ᠌ᠳ᠋ᠠᠯ ᠢ ᠭᠦᠢᠴᠡᠳ ᠨᠤᠳ᠋ᠠᠯᠠᠪᠠ᠃ ᠪᠤᠤ ᠯᠠᠨ ᠹᠠᠩ ᠡᠴᠡ᠂ ᠦᠵᠡᠯ ᠰᠠᠨᠠᠭᠠᠨ ᠤ ᠲᠠᠨᠢᠯᠳ᠋ᠠ ᠪᠠ ᠤᠯᠤᠰ ᠲᠦ᠋ᠷᠦ ᠶᠢᠨ ᠵᠤᠭᠰᠤᠴᠠ ᠪᠠᠨ ᠤᠯᠠᠮ ᠨᠢᠭᠡ ᠠᠯᠬᠤᠮ ᠲᠡᠭᠡᠭ᠍ᠰᠢᠯᠡᠭᠦᠯᠦᠨ᠂ ᠰᠤᠷᠤᠯᠴᠠᠯᠭ᠎ᠠ ᠬᠦᠮᠦᠵᠢᠯ ᠢ ᠴᠢᠩᠭ᠋ᠠᠳᠬᠠᠵᠤ᠂ ᠵᠢᠯᠤᠭᠤᠳ᠋ᠤᠯᠭ᠎ᠠ ᠪᠤᠯᠪᠠᠰᠤᠷᠠᠯ ᠢ ᠭᠦᠨᠵᠡᠭᠡᠢ᠌ᠷᠡᠭᠦᠯᠦᠨ᠂ ᠤᠨᠴᠠᠭᠠᠢ᠌ᠯᠠᠨ ᠶᠡᠷᠦᠩᠬᠡᠢ ᠱᠦ᠋ᠵᠢ ᠰᠢ ᠵᠢᠨ ᠫᠢᠩ ᠤᠨ ᠦᠨᠳ᠋ᠦᠰᠦᠳ᠋ᠡᠨ ᠤ ᠠᠵᠢᠯ ᠢ ᠴᠢᠩᠭ᠋ᠠᠳᠬᠠᠨ ᠰᠠᠢ᠌ᠵᠢᠷᠠᠭᠤᠯᠬᠤ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠨᠡᠪᠳ᠋ᠡᠷᠡᠳ᠋ᠡᠯ᠎ᠠ ᠤᠢ᠌ᠯᠠᠭᠠᠵᠤ᠂ ᠵᠠᠷᠤᠳ ᠬᠤᠰᠢᠭᠤᠨ ᠤ ᠠᠮᠢ ᠠᠬᠤᠢ ᠶᠢ ᠤᠷᠢᠳ᠋ᠠᠪᠠᠷ ᠪᠤᠳ᠋ᠤᠯᠬᠢᠯᠠᠵᠤ ᠪᠤᠬᠢᠷᠳ᠋ᠤᠯ ᠦᠭᠡᠶ ᠬᠦᠭ᠍ᠵᠢᠭᠦᠯᠬᠦ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ᠂ ᠬᠤᠳ᠋ᠠᠯᠳ᠋ᠤᠭᠠᠴᠢᠨ ᠤᠷᠢᠵᠤ ᠪᠡᠯᠡ ᠤᠷᠤᠭᠤᠯᠬᠤ ᠪᠠ ᠲᠦ᠋ᠷᠦᠯ ᠵᠦ᠋ᠢᠯ ᠤᠨ ᠪᠦᠳ᠋ᠦᠭᠡᠨ ᠪᠠᠢ᠌ᠭᠤᠯᠤᠯᠳ᠋ᠠ ᠲᠡᠶ ᠤᠶᠠᠯᠳ᠋ᠤᠭᠤᠯᠤᠨ᠂ ᠤᠯᠠᠨ ᠲᠦ᠋ᠮᠡᠨ ᠤ ᠬᠦᠷᠳ᠋ᠡᠮᠵᠢ ᠶᠢᠨ ᠲᠦ᠋ᠷᠦᠭ᠍ᠳ᠋ᠡᠯ᠂ ᠵᠤᠯ ᠵᠢᠷᠭᠠᠯᠳ᠋ᠤ ᠰᠡᠳᠭᠢᠯᠭᠡ ᠪᠠ ᠠᠶᠤᠯᠭᠦᠢ ᠰᠡᠳᠭᠢᠯᠭᠡ ᠶᠢ  ᠲᠡᠭᠡᠭ᠍ᠰᠢᠯᠡᠭᠦᠯᠵᠦ᠂ ᠦᠭᠡᠷᠡᠴᠢᠯᠡᠯᠳ᠋ᠡ ᠬᠦᠭ᠍ᠵᠢᠯᠳ᠋ᠡ ᠶᠢᠨ ᠦᠷ᠎ᠠ ᠪᠦᠳ᠋ᠦᠭᠡᠯ ᠢ ᠦᠨᠳ᠋ᠦᠰᠦᠳ᠋ᠡᠨ ᠨᠦ᠋ᠬᠦᠳ ᠤᠨ ᠤᠯᠠᠨ ᠲᠦ᠋ᠮᠡᠨ ᠳᠤ ᠬᠦᠷᠳ᠋ᠡᠭᠡᠨ᠂ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠠ ᠶᠢ ᠠᠬᠢᠭᠤᠯᠬᠤ ᠬᠡᠷᠡᠭ᠍ᠳ᠋ᠠᠢ ᠭᠡᠵᠦ ᠵᠢᠭᠠᠵᠤ ᠭᠠᠷᠭᠠᠪᠠ᠃

        


       


      


       
         ᠡᠦ ᠴᠢᠩ ᠬᠠᠢ ᠤᠪᠤᠷ ᠶᠢᠡᠨ ᠢᠯᠡᠳᠭᠡᠬᠦ ᠶᠠᠷᠢᠶᠠᠨ ᠳᠤ ᠪᠠᠨ᠂ ᠲᠤᠰ ᠤᠳ᠋ᠠᠭᠠᠨ ᠤ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ  ᠶᠢᠨ ᠲᠤᠭᠤᠢ᠌ᠯᠠᠩ ᠤᠨ ᠬᠢᠨ ᠮᠠᠨ ᠤ ᠬᠤᠰᠢᠭᠤᠨ ᠳᠤ ᠢᠷᠡᠵᠦ 《ᠲᠦ᠋ᠷᠢᠮ》 ᠤᠨ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠦᠷᠨᠢᠭᠦᠯᠵᠦ᠂ ᠮᠠᠨ ᠤ ᠬᠤᠰᠢᠭᠤᠨ ᠤ ᠦᠨᠳ᠋ᠦᠰᠦᠳ᠋ᠡᠨ ᠤ ᠪᠦᠯᠬᠦᠮᠳ᠋ᠡᠯ ᠤᠨ ᠠᠵᠢᠯ ᠢ ᠤᠯᠠᠮ ᠨᠢᠭᠡ ᠠᠯᠬᠤᠮ ᠰᠠᠢ᠌ᠳ᠋ᠤᠷ ᠬᠢᠬᠦ ᠳᠤ ᠲᠤᠳ᠋ᠠᠭᠳ᠋ᠠᠯ ᠶᠢᠡᠨ ᠡᠷᠢᠵᠤ ᠭᠠᠷᠭᠠᠨ᠂ ᠴᠢᠭᠯᠡᠯ ᠢ ᠵᠢᠭᠠᠨ ᠦᠭ᠍ᠴᠦ᠂ ᠵᠢᠷᠤᠮᠯᠡᠯ ᠬᠠᠩᠭ᠋ᠠᠪᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠪᠠᠢ᠌ᠴᠠᠭᠠᠬᠤ ᠲᠤᠭᠤᠢ᠌ᠯᠠᠩ ᠤᠨ ᠲᠤᠷᠠᠳ᠋ᠤᠭᠰᠠᠨ ᠱᠠᠭᠠᠷᠳ᠋ᠠᠯᠭ᠎ᠠ ᠪᠠᠷ᠂ ᠬᠤᠰᠢᠭᠤᠨ ᠤ ᠵᠠᠰᠠᠭ ᠤᠨ ᠤᠷᠳ᠋ᠤᠨ ᠪᠠ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠠᠵᠢᠯ ᠤᠨ ᠲᠤᠳ᠋ᠠᠭᠳ᠋ᠠᠯ ᠶᠢᠡᠨ ᠨᠦ᠋ᠬᠦᠪᠦᠷᠢᠯᠡᠬᠦ ᠶᠢ ᠬᠢᠨᠠᠨ ᠵᠢᠯᠤᠭᠤᠳᠴᠦ᠂ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢ ᠡᠭᠦᠳ᠋ᠦᠨ ᠪᠠᠢ᠌ᠭᠤᠯᠬᠤ ᠠᠵᠢᠯᠯᠠᠭ᠎ᠠ ᠶᠢᠨ ᠠᠭᠤᠯᠭ᠎ᠠ ᠶᠢ ᠲᠠᠰᠤᠷᠠᠯᠳ᠋ᠠ ᠦᠭᠡᠶ ᠪᠠᠶᠠᠯᠢᠭᠵᠢᠭᠤᠯᠤᠨ᠂ ᠠᠵᠢᠯᠯᠠᠭ᠎ᠠ ᠶᠢᠨ ᠠᠴᠢᠶᠠᠯᠠᠪᠤᠷᠢ ᠶᠢᠨ ᠰᠢᠨ᠎ᠠ ᠶᠢ ᠡᠭᠦᠳᠴᠦ᠂ 《ᠲᠦ᠋ᠷᠢᠮ》 ᠢ ᠲᠤᠭᠤᠰᠢᠯᠠᠭᠤᠯᠵᠤ ᠨᠠᠢ᠌ᠳ᠋ᠠᠪᠤᠷᠢᠵᠢᠭᠤᠯᠬᠤ ᠶᠢ ᠯᠠᠪᠳ᠋ᠠᠭᠤᠨ ᠪᠠᠳ᠋ᠤᠳ᠋ᠠᠢ ᠠᠬᠢᠭᠤᠯᠤᠨ᠎ᠠ᠃ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠬᠦᠳ᠋ᠦᠯᠦᠨ ᠲᠠᠭᠠᠭᠤᠯᠤᠭᠴᠢ ᠶᠢᠨ ᠦᠢᠯᠡᠳ᠋ᠦᠯ ᠢ ᠭᠦᠢᠴᠡᠳ ᠪᠠᠳ᠋ᠠᠷᠠᠭᠤᠯᠤᠨ᠂ 《ᠲᠦ᠋ᠷᠢᠮ》 ᠤᠨ ᠤᠬᠠᠭᠤᠯᠭ᠎ᠠ ᠬᠦᠮᠦᠵᠢᠯ ᠢ ᠴᠢᠩᠭ᠋ᠠᠳᠬᠠᠵᠤ᠂ ᠤᠯᠠᠨ ᠶᠠᠩᠵᠤ ᠬᠡᠯᠪᠡᠷᠢ ᠶᠢᠨ ᠪᠦᠳ᠋ᠦᠮᠵᠢᠳ᠋ᠠᠢ ᠠᠷᠭ᠎ᠠ ᠪᠠᠷ᠂ ᠪᠦᠬᠦ ᠬᠤᠰᠢᠭᠤᠨ ᠤ ᠬᠦᠷᠢᠶ᠎ᠠ ᠬᠡᠪᠴᠢᠶᠡᠨ ᠳᠤ ᠰᠠᠢ᠌ᠨ ᠰᠠᠢ᠌ᠬᠠᠨ ᠤᠬᠠᠭᠤᠯᠭ᠎ᠠ ᠬᠦᠮᠦᠵᠢᠯ ᠤᠨ ᠠᠭᠤᠷ ᠠᠮᠢᠰᠬᠤᠯ ᠢ ᠪᠤᠢ ᠪᠤᠯᠭᠠᠵᠤ᠂ ᠪᠦᠬᠦ ᠬᠤᠰᠢᠭᠤᠨ ᠤ ᠦᠨᠳ᠋ᠦᠰᠦᠳ᠋ᠡᠨ ᠨᠦ᠋ᠬᠦᠳ ᠤᠨ ᠠᠷᠠᠳ ᠲᠦ᠋ᠮᠡᠨ ᠢ ᠵᠢᠯᠤᠭᠤᠳᠴᠦ ᠪᠠᠢ᠌ᠭᠠᠳ ᠠᠨᠠᠷ ᠤᠨ ᠦᠷ᠎ᠠ ᠮᠡᠳ᠋ᠦ ᠨᠢᠭᠳᠠᠷᠠᠨ ᠪᠦᠯᠬᠦᠮᠳ᠋ᠡᠨ᠂ ᠰᠡᠳᠭᠢᠯ ᠶᠢᠡᠨ ᠨᠢᠭᠡᠳᠭᠡᠨ ᠬᠦᠴᠦ ᠪᠠᠨ ᠬᠠᠮᠳ᠋ᠤᠳᠬᠠᠵᠤ᠂ ᠰᠠᠢ᠌ᠨ ᠰᠠᠢ᠌ᠬᠠᠨ ᠭᠡᠷ ᠤᠷᠤᠨ ᠶᠢᠡᠨ ᠬᠠᠮᠳ᠋ᠤᠪᠠᠷ ᠪᠠᠢ᠌ᠭᠤᠯᠤᠶ᠎ᠠ ᠭᠡᠵᠦ ᠢᠯᠡᠳᠭᠡᠪᠡ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠪᠠᠢ᠌ᠴᠠᠭᠠᠨ ᠰᠤᠳ᠋ᠤᠯᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠰᠡᠷᠡᠮᠵᠢᠯᠡᠭᠦᠯᠬᠦ ᠬᠦᠮᠦᠵᠢᠯ ᠤᠨ ᠬᠤᠷᠠᠯ ᠬᠤᠷᠠᠯᠳ᠋ᠤᠪᠠ