ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠰᠡᠷᠡᠮᠵᠢᠯᠡᠭᠦᠯᠬᠦ ᠬᠦᠮᠦᠵᠢᠯ ᠤᠨ ᠬᠤᠷᠠᠯ ᠬᠤᠷᠠᠯᠳ᠋ᠤᠪᠠ

5 ᠰᠠᠷ᠎ᠠ ᠶᠢᠨ 12 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠪᠦᠬᠦ ᠨᠠᠮ ᠤᠨ ᠭᠡᠰᠢᠭᠦᠨ ᠺᠠᠳ᠋ᠷᠴᠤᠳ ᠢ ᠵᠤᠬᠢᠶᠠᠨ ᠪᠠᠢ᠌ᠭᠤᠯᠵᠤ ᠰᠡᠷᠡᠮᠵᠢᠯᠡᠬᠦᠯᠬᠦ ᠬᠦᠮᠦᠵᠢᠯ ᠤᠨ ᠬᠤᠷᠠᠯ ᠬᠤᠷᠠᠯᠳ᠋ᠤᠭᠤᠯᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠪᠤᠤ ᠯᠦ᠋ᠩ᠂ ᠼᠦ᠋ᠢ ᠯᠸᠢ ᠯᠸᠢ᠂ ᠵᠠᠩ ᠶᠦ᠋ᠩ ᠴᠢᠶᠠᠩ᠂ ᠵᠠᠩ ᠴᠦ᠋ᠨ ᠡᠾᠦ᠋ᠢ ᠵᠢᠴᠢ ᠪᠠᠢ᠌ᠩᠭ᠋ᠤ ᠶᠢᠨ ᠬᠤᠷᠢᠶᠠᠨ ᠤ ᠨᠠᠷᠢᠨ ᠪᠢᠴᠢᠭ᠌ ᠤᠨ ᠲᠠᠷᠤᠭ᠎ᠠ᠂ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠬᠤᠷᠠᠯ ᠳᠤ ᠰᠠᠭᠠᠳ᠋ᠠᠪᠠ᠃ ᠬᠤᠷᠠᠯ ᠢ ᠯᠢ ᠴᠸᠩ ᠭᠦᠸᠸ ᠡᠷᠬᠢᠯᠡᠪᠡ᠃

ᠬᠤᠷᠠᠯ ᠲᠡᠭᠡᠷ᠎ᠠ᠂ ᠬᠤᠷᠠᠯ ᠳᠤ ᠤᠷᠤᠯᠴᠠᠭᠰᠡᠳ 《ᠬᠡᠷᠡᠭ᠌ ᠶᠢᠡᠷ ᠲᠤᠯᠢ ᠪᠤᠯᠭᠠᠵᠤ ᠰᠡᠷᠡᠮᠵᠢ ᠶᠢᠨ ᠬᠤᠩᠬᠤ ᠶᠢ ᠪᠠᠢ᠌ᠩᠭ᠋ᠤ ᠲᠤᠤᠭᠠᠷᠭᠠᠬᠤ》 ᠰᠢᠷᠢᠰ ᠰᠡᠷᠡᠮᠵᠢᠭᠦᠯᠬᠦ ᠬᠦᠮᠦᠵᠢᠯ ᠤᠨ ᠫᠢᠯᠢᠮ ᠢ ᠪᠦᠭᠦᠳ᠋ᠡᠭᠡᠷ ᠦᠵᠡᠪᠡ᠃
ᠰᠡᠷᠡᠮᠵᠢᠯᠡᠬᠦᠯᠬᠦ ᠬᠦᠮᠦᠵᠢᠯ ᠪᠠᠷ ᠲᠠᠮᠵᠢᠨ᠂ ᠪᠦᠬᠦ ᠨᠠᠮ ᠤᠨ ᠭᠡᠰᠢᠭᠦᠨ ᠺᠠᠳ᠋ᠷᠴᠤᠳ᠂ ᠨᠠᠮ ᠤᠨ ᠭᠡᠰᠢᠭᠦᠨ ᠺᠠᠳ᠋ᠷ ᠪᠤᠯᠤᠭᠰᠠᠨ ᠤ ᠬᠤᠪᠢ ᠳᠤ᠂ ᠲᠦ᠋ᠪ ᠬᠤᠷᠢᠶᠠᠨ ᠤ ᠨᠢ᠋ᠮᠠᠨ ᠵᠤᠷᠪᠤᠰ ᠲᠤᠭᠳ᠋ᠠᠭᠠᠯ ᠢ ᠪᠠᠳ᠋ᠤ ᠴᠡᠭᠡᠵᠢᠯᠡᠨ᠂ ᠪᠤᠷᠤᠭᠤ ᠲᠠᠯ᠎ᠠ ᠶᠢᠨ ᠨᠡᠢ᠌ᠳ᠋ᠡᠯᠢᠭ᠌ ᠬᠡᠷᠡᠭ᠌ ᠶᠢᠡᠷ ᠲᠤᠯᠢ ᠪᠤᠯᠭᠠᠵᠤ᠂ ᠬᠤᠪᠢ ᠪᠡᠶ᠎ᠠ ᠶᠢᠨ ᠲᠤᠳ᠋ᠠᠭᠳ᠋ᠠᠯ ᠲᠡᠶ ᠲᠠᠯ᠎ᠠ ᠪᠠᠨ ᠡᠷᠭᠢᠴᠡᠭᠦᠯᠦᠨ ᠪᠤᠳ᠋ᠤᠵᠤ᠂ ᠪᠡᠶ᠎ᠠ ᠪᠠᠡ ᠬᠡᠵᠢᠶᠡᠳ᠋ᠡ ᠰᠡᠷᠡᠮᠵᠢᠯᠡᠭᠦᠯᠦᠨ᠂ ᠬᠤᠪᠳ᠋ᠤᠭ ᠰᠢᠨᠤᠯ ᠤᠨ ᠬᠤᠤᠷ ᠬᠦᠨᠦᠭᠡᠯ ᠢ ᠦᠷᠬᠦᠯᠵᠢ ᠪᠤᠳ᠋ᠤᠯᠬᠢᠯᠠᠵᠤ᠂ ᠵᠢᠷᠭᠠᠨ ᠴᠡᠩᠭᠡᠬᠦ ᠱᠠᠯᠢᠨ ᠪᠦᠷᠢᠯᠭᠡᠬᠦ ᠭᠠᠵᠢᠭᠤ ᠰᠤᠷᠳ᠋ᠠᠯ ᠢ ᠤᠬᠠᠮᠰᠡᠷ ᠡᠴᠡ ᠪᠠᠨ ᠡᠰᠡᠷᠭᠦᠴᠡᠨ ᠬᠤᠷᠢᠭᠯᠠᠵᠤ᠂ ᠠᠷᠢᠭᠤᠨ ᠴᠢᠭᠡᠴᠢ᠂ ᠯᠠᠪᠳ᠋ᠠᠭᠤᠨ ᠪᠠᠳ᠋ᠤᠳ᠋ᠠᠢ ᠪᠠᠷ ᠠᠵᠢᠯᠯᠡᠨ᠂ ᠢᠯᠵᠠᠷᠡᠯ ᠢ ᠡᠰᠡᠷᠭᠦᠴᠡᠨ ᠬᠤᠪᠢᠷᠠᠬᠤ ᠶᠢ ᠰᠡᠷᠭᠡᠢ᠌ᠯᠡᠬᠦ ᠴᠢᠳ᠋ᠠᠪᠤᠷᠢ ᠪᠠᠨ ᠦᠨᠡᠨᠬᠦ ᠲᠡᠭᠡᠭ᠍ᠰᠢᠯᠡᠭᠦᠯᠦᠨᠠ ᠭᠡᠵᠦ ᠢᠯᠡᠷᠬᠡᠢ᠌ᠯᠡᠵᠡᠭᠡᠪᠡ᠃ (ᠨᠠᠢ᠌ᠷᠠᠭᠤᠯᠤᠭᠴᠢ ᠯᠸᠢ ᠫᠠᠩ)