ᠤᠳᠤ ᠶᠢᠨ ᠪᠠᠢ᠌ᠷᠢ᠄ ᠪᠠᠢ᠌ᠩᠭᠤ ᠶᠢᠨ ᠬᠤᠷᠢᠶᠠᠨ ᠤ ᠠᠵᠢᠯ → ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ᠁
ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠤᠶᠠᠳ᠋ᠤᠭᠠᠷ ᠤᠳ᠋ᠠᠭᠠᠨ ᠤ ᠬᠤᠷᠠᠯ ᠬᠤᠷᠠᠯᠳ᠋ᠤᠪᠠ

        

        3 ᠰᠠᠷ᠎ᠠ ᠶᠢᠨ 9 ᠤ ᠡᠳ᠋ᠦᠷ ᠤᠨ ᠦᠳ᠋ᠡ ᠶᠢᠨ ᠡᠮᠤᠨ᠎ᠠ᠂ ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠤᠶᠠᠳ᠋ᠤᠭᠠᠷ ᠤᠳ᠋ᠠᠭᠠᠨ ᠤ ᠬᠤᠷᠠᠯ ᠬᠤᠷᠠᠯᠳ᠋ᠤᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠪᠤᠤ ᠯᠦ᠋ᠩ᠂ ᠼᠦ᠋ᠢ ᠯᠸᠢ ᠯᠸᠢ᠂ ᠵᠠᠩ ᠶᠦ᠋ᠩ ᠴᠢᠶᠠᠩ᠂ ᠵᠠᠩ ᠴᠦ᠋ᠨ ᠡᠾᠦ᠋ᠢ᠂ ᠨᠠᠷᠢᠨ ᠪᠢᠴᠢᠭ᠌ ᠤᠨ ᠲᠠᠷᠤᠭ᠎ᠠ ᠯᠢ ᠴᠸᠩ ᠭᠦᠸᠸ ᠵᠢᠴᠢ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠭᠡᠰᠢᠭᠦᠳ ᠬᠤᠷᠠᠯ ᠳᠤ ᠤᠷᠤᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠢ᠌ᠩᠭ᠋ᠤ ᠶᠢᠨ ᠭᠡᠰᠢᠭᠦᠨ᠂ ᠰᠠᠬᠢᠯᠭ᠎ᠠ ᠪᠠᠳ᠋ᠤ ᠪᠠᠢ᠌ᠴᠠᠭᠠᠬᠤ ᠬᠤᠷᠢᠶᠠᠨ ᠤ ᠱᠦ᠋ᠵᠢ᠂ ᠬᠢᠨᠠᠨ ᠪᠠᠢ᠌ᠴᠠᠭᠠᠬᠤ ᠵᠦ᠋ᠪᠯᠡᠯ ᠤᠨ ᠡᠷᠬᠢᠯᠡᠭ᠍ᠴᠢ ᠯᠢᠤ ᠰᠢ ᠯᠢᠨ᠂ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠲᠠᠳ᠋ ᠬᠤᠰᠢᠭᠤᠨ ᠲᠠᠷᠤᠭ᠎ᠠ᠂ ᠲᠤᠳ᠋ᠤᠭᠠᠳ᠋ᠤ ᠶᠢ ᠬᠠᠮᠠᠭᠠᠯᠠᠬᠤ ᠲᠤᠪᠴᠢᠶᠠᠨ ᠲᠠᠷᠤᠭ᠎ᠠ ᠮᠤ ᠲᠢᠶ‍ᠸ ᠮᠢᠨ᠂ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠲᠠᠳ᠋ ᠬᠤᠰᠢᠭᠤᠨ ᠲᠠᠷᠤᠭ᠎ᠠ ᠬᠦᠸᠸ ᠶᠨ ᠹᠸᠩ᠂ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠲᠠᠷᠤᠭ᠎ᠠ ᠲᠤᠩᠭ᠋ᠠᠯᠠᠭ᠂ ᠬᠤᠰᠢᠭᠤᠨ ᠤ ᠠᠷᠠᠳ ᠤᠨ ᠪᠠᠢ᠌ᠴᠠᠭᠠᠬᠤ ᠬᠤᠷᠢᠶᠠᠨ ᠤ ᠲᠠᠳ᠋ ᠪᠠᠢ᠌ᠴᠠᠭᠠᠭᠴᠢ ᠲᠠᠷᠤᠭ᠎ᠠ ᠸᠠᠩ ᠵᠠᠨ ᠴᠤᠤ ᠵᠢᠴᠢ ᠭᠡᠰᠡᠭ᠌  ᠬᠤᠰᠢᠭᠤᠨ ᠱᠠᠳ᠋ᠤᠨ ᠤ ᠠᠷᠠᠳ ᠤᠨ ᠲᠦ᠋ᠯᠤᠭᠡᠯᠡᠭ᠍ᠴᠢ ᠪᠤᠯᠤᠨ ᠬᠠᠮᠢᠶ᠎ᠠ ᠪᠦᠬᠦᠢ ᠪᠠᠢ᠌ᠭᠤᠯᠭ᠎ᠠ ᠶᠢᠨ ᠬᠠᠷᠢᠭᠤᠴᠠᠯᠭᠠᠳ᠋ᠠᠨ ᠬᠤᠷᠠᠯ ᠳᠤ ᠰᠤᠯᠠ ᠤᠷᠤᠯᠴᠠᠪᠠ᠃ ᠬᠤᠷᠠᠯ ᠢ ᠡᠦ ᠴᠢᠩ ᠬᠠᠢ ᠡᠷᠬᠢᠯᠡᠪᠡ᠃

       

       ᠲᠤᠰ ᠤᠳ᠋ᠠᠭᠠᠨ ᠤ ᠬᠤᠷᠠᠯ ᠳᠤ ᠤᠷᠤᠯᠴᠠᠬᠤ ᠶᠤᠰᠤᠳ᠋ᠠᠢ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠭᠡᠰᠢᠭᠦᠨ 33 ᠬᠦᠮᠦᠨ᠂ ᠪᠤᠳ᠋ᠠᠳ᠋ᠠᠢ ᠤᠷᠤᠯᠴᠠᠭᠰᠠᠨ ᠨᠢ 27 ᠬᠦᠮᠦᠨ ᠪᠠᠢ᠌ᠵᠤ᠂ ᠬᠠᠦᠯᠢ ᠳᠤ ᠲᠤᠭᠳ᠋ᠠᠭᠰᠠᠨ ᠬᠦᠮᠦᠨ ᠤ ᠲᠤᠭᠠᠨ ᠳᠤ ᠨᠡᠢ᠌ᠴᠡᠪᠡ᠃

       

        ᠬᠤᠷᠠᠯ ᠡᠴᠡ ᠠᠵᠢᠯᠳ᠋ᠡᠨ ᠢ ᠲᠤᠮᠢᠯᠠᠵᠤ ᠪᠠᠭᠤᠯᠭᠠᠬᠤ ᠶᠠᠪᠤᠴᠠ ᠶᠢ ᠶᠠᠪᠤᠭᠳ᠋ᠠᠭᠤᠯᠪᠠ᠂ ᠭᠠᠷ ᠡᠷᠬᠦᠨ ᠪᠠᠳ᠋ᠤᠯᠠᠬᠤ ᠪᠠᠷ ᠲᠠᠮᠵᠢᠨ᠂ ᠮᠸᠢ ᠶᠢᠩ ᠵᠡᠷᠭᠡ 5 ᠨᠦ᠋ᠬᠦᠷ ᠤᠨ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠠᠮᠢᠶ᠎ᠠ ᠪᠦᠬᠦᠢ ᠠᠵᠢᠯ ᠤᠨ ᠵᠦ᠋ᠪᠯᠡᠯ ᠤᠨ ᠲᠠᠳ᠋ ᠡᠷᠬᠢᠯᠡᠭ᠍ᠴᠢ ᠶᠢᠨ ᠲᠤᠰᠢᠶᠠᠯ᠂ ᠹᠸᠩ ᠹᠦ ᠯᠢᠨ ᠵᠡᠷᠭᠡ 3 ᠨᠦ᠋ᠬᠦᠷ ᠤᠨ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠰᠢᠬᠦᠭ᠍ᠴᠢ ᠶᠢᠨ ᠲᠤᠰᠢᠶᠠᠯ ᠵᠢᠴᠢ ᠱᠢ ᠰᠢᠶᠤᠤ ᠡᠾᠦ᠋ᠢ ᠨᠦ᠋ᠬᠦᠷ ᠤᠨ ᠬᠤᠰᠢᠭᠤᠨ ᠤ ᠠᠷᠠᠳ ᠤᠨ ᠪᠠᠢ᠌ᠴᠠᠭᠠᠬᠤ ᠬᠤᠷᠢᠶᠠᠨ ᠤ ᠪᠠᠢ᠌ᠴᠠᠭᠠᠭᠴᠢ ᠶᠢᠨ ᠲᠤᠰᠢᠶᠠᠯ ᠡᠴᠨ ᠪᠠᠭᠤᠯᠭᠠᠬᠤ ᠶᠢ ᠵᠦ᠋ᠪᠰᠢᠶᠡᠷᠡᠪᠡ᠃

       

      

       ᠬᠤᠷᠠᠯ ᠲᠡᠭᠡᠷ᠎ᠠ᠂ ᠲᠤᠰᠢᠶᠠᠯ ᠬᠠᠷᠢᠭᠤᠴᠠᠬᠤ ᠠᠵᠢᠯᠳ᠋ᠠᠨ ᠡᠴᠨ ᠲᠤᠰᠢᠶᠠᠯ ᠡᠭᠦᠷᠭᠡᠯᠡᠬᠦ ᠶᠠᠷᠢᠶ᠎ᠠ ᠬᠢᠪᠡ᠃ ᠬᠠᠮᠢᠶ᠎ᠠ ᠪᠦᠬᠦᠢ ᠲᠤᠭᠳ᠋ᠠᠭᠠᠯ ᠢ ᠦᠨᠳ᠋ᠤᠰᠤᠯᠡᠵᠤ᠂ ᠬᠤᠷᠠᠯ ᠡᠴᠡ ᠡᠮᠦᠨ᠎ᠠ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠡᠴᠡ ᠲᠤᠰᠢᠶᠠᠯ ᠬᠠᠷᠢᠭᠤᠴᠠᠬᠤ ᠠᠵᠢᠯᠳ᠋ᠠᠨ ᠳ᠋ᠥ ᠲᠤᠰᠢᠶᠠᠯ ᠬᠠᠷᠢᠭᠤᠴᠠᠬᠤ ᠡᠴᠡ ᠡᠮᠦᠨᠡᠬᠢ ᠬᠠᠦᠯᠢ ᠴᠠᠭᠠᠵᠠ ᠶᠢᠨ ᠮᠡᠳ᠋ᠡᠯᠭᠡ ᠶᠢᠨ ᠰᠢᠯᠭᠠᠯᠳ᠋ᠠ ᠶᠠᠪᠤᠭᠤᠯᠤᠨ᠂ ᠰᠢᠯᠭᠠᠯᠳ᠋ᠠ ᠶᠢᠨ ᠬᠢᠷᠢ ᠪᠦᠳ᠋ᠦᠮᠵᠢ ᠨᠢ ᠬᠢᠷᠢ ᠲᠠᠩᠴᠡᠵᠤ᠂ ᠨᠢᠭᠡᠨᠳ᠋ᠡ ᠲᠤᠰᠢᠶᠠᠯ ᠳᠤ ᠲᠤᠮᠢᠯᠠᠬᠤ ᠬᠠᠦᠯᠢ ᠴᠠᠭᠠᠵᠠ ᠶᠢᠨ ᠬᠡᠪ ᠴᠢᠨᠠᠷ ᠢ ᠪᠦᠷᠢᠯᠳ᠋ᠤᠬᠦᠯᠪᠡ᠃

     

      ᠬᠤᠷᠠᠯ ᠲᠠᠭᠡᠷ᠎ᠠ ᠪᠢᠯᠸᠲ ᠦᠭ᠍ᠴᠦ ᠰᠤᠩᠭ᠋ᠤᠬᠤ ᠪᠠᠷ ᠲᠠᠮᠵᠢᠨ᠂ ᠮᠸᠢ ᠶᠢᠩ ᠨᠦ᠋ᠬᠦᠷ ᠢ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠠᠯᠪᠠᠨ ᠭᠡᠷ ᠤᠨ ᠲᠠᠳ᠋ ᠡᠷᠬᠢᠯᠡᠭ᠍ᠴᠢ᠂ ᠪᠤᠤ ᠰᠡᠴᠡᠨ ᠨᠦ᠋ᠬᠦᠷ ᠢ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠰᠤᠩᠭ᠋ᠤᠭᠤᠯᠢ ᠶᠢᠨ ᠶᠠᠪᠤᠳ᠋ᠠᠯ ᠤᠨ ᠬᠠᠷᠢᠯᠴᠠᠬᠤ ᠠᠵᠢᠯ ᠤᠨ ᠵᠦ᠋ᠪᠯᠡᠯ ᠤᠨ ᠲᠠᠳ᠋ ᠡᠷᠬᠢᠯᠡᠭ᠍ᠴᠢ᠂ ᠯᠸᠢ ᠡᠾᠦ᠋ᠢ ᠰᠸᠨ ᠨᠦ᠋ᠬᠦᠷ ᠢ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠢᠨᠠᠨ ᠪᠠᠢ᠌ᠴᠠᠭᠠᠬᠤ ᠪᠠ ᠬᠠᠤᠯᠢ ᠴᠠᠭᠠᠵᠨ ᠶᠢᠨ ᠠᠵᠢᠯ ᠤᠨ ᠵᠦ᠋ᠪᠯᠡᠯ ᠤᠨ ᠲᠠᠳ᠋ ᠡᠷᠬᠢᠯᠡᠭ᠍ᠴᠢ᠂ ᠢᠤᠢ ᠳ᠋ᠠᠢ ᠰᠢᠶ‍ᠦ᠋ᠩ ᠨᠦ᠋ᠬᠦᠷ ᠢ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠰᠤᠩᠭ᠋ᠤᠭᠤᠯᠢ ᠶᠢᠨ ᠶᠠᠪᠤᠳ᠋ᠠᠯ ᠤᠨ ᠬᠠᠷᠢᠯᠴᠠᠬᠤ ᠠᠵᠢᠯ ᠤᠨ ᠵᠦ᠋ᠪᠯᠡᠯ ᠤᠨ ᠲᠠᠳ᠋ ᠡᠷᠬᠢᠯᠡᠭ᠍ᠴᠢ᠂ ᠵᠠᠩ ᠫᠢᠨ ᠢ ᠨᠦ᠋ᠬᠦᠷ ᠢ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠠᠵᠢᠯ ᠤᠨ ᠵᠦ᠋ᠪᠯᠡᠯ ᠤᠨ ᠲᠠᠳ᠋ ᠡᠷᠬᠢᠯᠡᠭ᠍ᠴᠢ ᠪᠠᠷ ᠪᠠᠳ᠋ᠤᠯᠠᠪᠠ᠃ ᠪᠠᠶᠠᠨᠪᠤᠯᠠᠭ ᠨᠦ᠋ᠬᠦᠷ ᠢ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠰᠢᠬᠦᠨ ᠲᠠᠰᠤᠯᠬᠤ ᠵᠦ᠋ᠪᠯᠡᠯ ᠤᠨ ᠭᠡᠰᠢᠬᠦᠨ᠂ ᠱᠠᠨ ᠬᠤᠸᠨ ᠨᠦ᠋ᠬᠦᠷ ᠢ ᠬᠤᠰᠢᠭᠤᠨ ᠤ ᠠᠷᠠᠳ ᠤᠨ ᠪᠠᠢ᠌ᠴᠠᠭᠠᠬᠤ ᠬᠤᠷᠢᠶᠠᠨ ᠤ ᠪᠠᠢ᠌ᠴᠠᠭᠠᠭᠴᠢ ᠪᠠᠷ ᠲᠤᠮᠢᠯᠠᠬᠤ ᠪᠠᠷ ᠲᠤᠭᠳ᠋ᠠᠪᠠ᠃

      

      ᠡᠦ ᠴᠢᠩ ᠬᠠᠢ ᠡᠴᠨ ᠰᠢᠨ᠎ᠠ ᠪᠠᠷ ᠲᠤᠰᠢᠶᠠᠯ ᠳ᠋ᠥ ᠲᠤᠮᠢᠯᠠᠭᠳ᠋ᠠᠭᠰᠠᠳ ᠲᠤ ᠲᠤᠮᠢᠯᠠᠯ ᠤᠨ ᠪᠢᠴᠢᠭ᠌ ᠭᠠᠷᠳ᠋ᠠᠭᠤᠯᠤᠭᠰᠠᠨ ᠪᠦᠭᠡᠳ ᠰᠢᠨ᠎ᠠ ᠪᠠᠷ ᠲᠤᠰᠢᠶᠠᠯ ᠳ᠋ᠥ ᠲᠤᠮᠢᠯᠠᠭᠳ᠋ᠠᠭᠰᠠᠳ ᠦᠨᠳ᠋ᠤᠰᠤᠨ ᠬᠠᠤᠯᠢ ᠳ᠋ᠥ ᠲᠠᠩᠭ᠋ᠠᠷᠢᠭᠯᠠᠪᠠ᠃ᠡᠦ ᠴᠢᠩ ᠬᠠᠢ᠂ ᠰᠢᠨ᠎ᠠ ᠲᠤᠰᠢᠶᠠᠯ ᠳ᠋ᠥ ᠲᠤᠮᠢᠯᠠᠭᠳ᠋ᠠᠭᠰᠨᠨ ᠨᠦ᠋ᠬᠦᠤᠨ ᠲᠠᠩᠭ᠋ᠠᠷᠢᠭ ᠶᠢᠡᠷ ᠢᠮᠠᠭᠳ᠋ᠠ ᠪᠠᠳ᠋ᠤ ᠴᠡᠭᠡᠵᠢᠯᠡᠵᠤ᠂ ᠦᠨᠳ᠋ᠤᠰᠤᠨ ᠬᠠᠤᠯᠢ ᠳ᠋ᠥ ᠦᠨᠡᠨᠴᠢ᠂ ᠦᠨᠳ᠋ᠤᠰᠤᠨ ᠬᠠᠤᠯᠢ ᠶᠢ ᠰᠠᠬᠢᠵᠤ᠂ ᠦᠨᠳ᠋ᠤᠰᠤᠨ ᠬᠠᠤᠯᠢ ᠶᠢᠨ ᠵᠤᠷᠢᠭ ᠰᠠᠨᠠᠭ᠎ᠠ ᠶᠢ ᠪᠠᠳ᠋ᠠᠷᠠᠭᠤᠯᠤᠨ᠂ ᠠᠯᠪᠠᠨ ᠵᠠᠷᠤᠴᠨ ᠶᠢᠨ ᠦᠵᠡᠯ ᠤᠬᠠᠮᠰᠠᠷ ᠪᠠ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠦᠵᠡᠯ ᠤᠬᠠᠮᠰᠠᠷ ᠢ ᠪᠠᠳ᠋ᠤᠳᠬᠠᠵᠤ᠂ ᠡᠬᠦᠷᠭᠡ ᠬᠠᠷᠢᠭᠤᠴᠠᠯᠭ᠎ᠠ ᠪᠠᠨ ᠪᠠᠳ᠋ᠤ ᠴᠡᠭᠡᠵᠢᠯᠡᠨ᠂ ᠴᠢᠷᠮᠠᠢ᠌ᠨ ᠤᠷᠤᠭᠰᠢᠯᠠᠵᠤ᠂ ᠮᠠᠨ ᠤ ᠬᠤᠰᠢᠭᠤᠨ ᠤ ᠠᠵᠤ ᠠᠬᠤᠢ ᠨᠡᠢ᠌ᠭᠡᠮ ᠤᠨ ᠦᠨᠳ᠋ᠤᠷ ᠴᠢᠨᠰᠠᠭᠠᠳ᠋ᠤ ᠬᠦᠭ᠍ᠵᠢᠯᠳ᠋ᠠ ᠳ᠋ᠥ ᠬᠤᠪᠢ ᠨᠡᠮᠡᠷᠢ ᠪᠠᠨ ᠦᠵᠡᠬᠦᠯᠬᠦ ᠭᠡᠷᠡᠭ᠍ᠳ᠋ᠡᠢ ᠭᠡᠵᠤ ᠱᠠᠭᠠᠷᠳ᠋ᠠᠪᠠ᠃

     

      ᠬᠤᠷᠠᠯ ᠡᠴᠡ᠂ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ 《2021 ᠤᠨ ᠤ ᠬᠢᠨᠠᠨ ᠪᠤᠳ᠋ᠤᠯᠳ᠋ᠠ ᠪᠠᠷ ᠪᠠᠢ᠌ᠴᠠᠭᠠᠨ ᠭᠠᠷᠭᠠᠭᠰᠨᠨ ᠠᠰᠠᠭᠤᠳ᠋ᠠᠯ ᠢ ᠴᠡᠭ᠍ᠴᠡᠯᠡᠨ ᠰᠠᠢ᠌ᠵᠢᠷᠠᠭᠤᠯᠤᠭᠰᠨᠨ ᠪᠠᠢ᠌ᠳ᠋ᠠᠯ ᠤᠨ ᠲᠤᠬᠠᠢ ᠮᠡᠳ᠋ᠡᠬᠦᠯᠤᠯᠳ᠋ᠠ》 《ᠪᠦᠬᠦ ᠬᠤᠰᠢᠭᠤᠨ ᠤ ᠲᠤᠳ᠋ᠤᠭᠠᠳ᠋ᠤ ᠶᠢ ᠬᠠᠮᠠᠭᠠᠯᠠᠬᠤ ᠪᠠᠢ᠌ᠭᠤᠯᠭ᠎ᠠ ᠶᠢᠨ ᠴᠠᠬᠢᠯᠭᠠᠨ ᠬᠤᠯᠪᠤᠭ᠎ᠠ ᠰᠦ᠋ᠯᠵᠢᠶ᠎ᠠ ᠶᠢᠨ ᠮᠡᠭᠡᠯᠡᠯ ᠢ ᠡᠰᠡᠷᠬᠦᠴᠡᠬᠦ ᠠᠵᠢᠯ ᠤᠨ ᠪᠠᠢ᠌ᠳ᠋ᠠᠯ ᠤᠨ ᠲᠤᠬᠠᠢ ᠮᠡᠳ᠋ᠡᠬᠦᠯᠤᠯᠳ᠋ᠠ》 《ᠪᠦᠬᠦ ᠬᠤᠰᠢᠭᠤᠨ ᠤ ᠰᠢᠨ᠎ᠠ ᠲᠢᠳ᠋ᠢᠮᠯᠢᠭ᠌ ᠠᠭᠤᠰᠬᠢᠨ ᠦᠷᠪᠢᠰᠤᠯ ᠤᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠦᠷᠨᠢᠬᠦᠯᠦᠭ᠍ᠰᠨᠨ ᠪᠠᠢ᠌ᠳ᠋ᠠᠯ ᠤᠨ ᠲᠤᠬᠠᠢ ᠮᠡᠳ᠋ᠡᠬᠦᠯᠤᠯᠳ᠋ᠠ》 ᠶᠢ ᠰᠤᠨᠤᠰᠤᠨ ᠬᠢᠨᠠᠨ ᠵᠦ᠋ᠪᠯᠡᠪᠡ᠃ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠠᠤᠯᠢ ᠭᠡᠷᠡᠭ᠍ᠵᠢᠬᠦᠯᠤᠯᠳ᠋ᠠ ᠶᠢᠨ ᠪᠠᠢ᠌ᠴᠠᠭᠠᠬᠤ ᠲᠤᠭᠤᠢ᠌ᠯᠠᠩ ᠤᠨ 《〈ᠪᠦᠬᠦᠳ᠋ᠠ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠤᠷᠴᠢᠨ ᠲᠤᠭᠤᠷᠢᠨ ᠤ ᠬᠠᠮᠠᠭᠠᠯᠠᠯᠳ᠋ᠠ ᠶᠢᠨ ᠬᠠᠤᠯᠢ〉 ᠶᠢ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠤᠭᠰᠨᠨ ᠪᠠᠢ᠌ᠳ᠋ᠠᠯ ᠤᠨ ᠬᠠᠤᠯᠢ ᠭᠡᠷᠡᠭ᠍ᠵᠢᠬᠦᠯᠤᠯᠳ᠋ᠠ ᠶᠢᠨ ᠪᠠᠢ᠌ᠴᠠᠭᠠᠯᠳ᠋ᠠ ᠶᠢᠨ ᠲᠤᠬᠠᠢ ᠮᠡᠳ᠋ᠡᠬᠦᠯᠤᠯᠳ᠋ᠠ》 ᠶᠢ ᠰᠤᠨᠤᠰᠤᠨ ᠬᠢᠨᠠᠨ ᠵᠦ᠋ᠪᠯᠡᠪᠡ᠃ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ 《ᠰᠢᠬᠦᠨ ᠲᠠᠰᠤᠯᠬᠤ ᠡᠬᠦᠷᠭᠡ ᠴᠢᠳ᠋ᠠᠪᠤᠷᠢ ᠪᠠᠨ ᠪᠠᠳ᠋ᠠᠷᠠᠭᠤᠯᠤᠨ ᠬᠤᠳ᠋ᠠᠯᠳ᠋ᠤᠭ᠎ᠠ ᠡᠷᠬᠢᠯᠡᠬᠦ ᠤᠷᠴᠢᠨ ᠨᠦ᠋ᠬᠦᠴᠡᠯ ᠶᠢᠡᠨ ᠰᠢᠯᠢᠳ᠋ᠡᠭ᠍ᠵᠢᠬᠦᠯᠦᠭ᠍ᠰᠨᠨ ᠠᠵᠢᠯ ᠤᠨ ᠪᠠᠢ᠌ᠳ᠋ᠠᠯ ᠤᠨ ᠲᠤᠬᠠᠢ ᠮᠡᠳ᠋ᠡᠬᠦᠯᠤᠯᠳ᠋ᠠ》 ᠶᠢ ᠰᠤᠨᠤᠰᠤᠨ ᠬᠢᠨᠠᠨ ᠵᠦ᠋ᠪᠯᠡᠪᠡ᠃ᠬᠤᠷᠠᠯ ᠳ᠋ᠥ ᠤᠷᠤᠯᠴᠠᠭᠰᠠᠳ ᠡᠯ᠎ᠠ ᠲᠦ᠋ᠷᠤᠯ ᠤᠨ ᠮᠡᠳ᠋ᠡᠬᠦᠯᠤᠯᠳ᠋ᠠ ᠶᠢᠨ ᠲᠤᠭᠤᠷᠢᠨ ᠳ᠋ᠥ ᠶᠠᠷᠢᠯᠴᠠᠭ᠎ᠠ ᠦᠷᠨᠢᠬᠦᠯᠬᠦ ᠶᠢᠨ ᠬᠠᠮᠳ᠋ᠤ᠂ ᠢᠳ᠋ᠡᠪᠬᠢᠳ᠋ᠠᠢ ᠰᠠᠨᠠᠯ ᠰᠠᠨᠠᠭᠤᠯᠭ᠎ᠠ ᠲᠤᠷᠠᠳᠪᠠ᠃ (ᠤᠷᠴᠢᠭᠤᠯᠤᠭᠴᠢ   ᠳ᠋ᠠᠢ ᠰᠢᠶ‍ᠦ᠋ᠩ)

ᠡᠮᠦᠨᠡᠬᠢ᠄ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠺᠠᠢ᠌ᠯᠤ ᠰᠢᠶᠠᠨ ᠳᠤ ᠬᠦᠷᠴᠦ ᠬᠤᠳ᠋ᠠᠯᠳ᠋ᠤᠭ᠎ᠠ ᠤᠷᠢᠵᠤ ᠪᠡᠯᠡ ᠤᠷᠤᠭᠤᠯᠬᠤ ᠠᠵᠢᠯ ᠢ ᠲᠤᠭᠤᠷᠢᠨ ᠰᠤᠷᠤᠯᠴᠠᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠰᠤᠮᠤ ᠪᠠᠯᠭᠠᠰᠣᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ ᠤᠨ ᠲᠡᠷᠢᠭᠦᠯᠡᠭ᠍ᠴᠢᠳ ᠢ ᠵᠤᠬᠢᠶᠠᠨ ᠪᠠᠢ᠌ᠭᠤᠯᠵᠤ ᠠᠵᠢᠯ ᠤᠨ ᠲᠤᠬᠢᠷᠠᠭᠤᠯᠤᠯᠳ᠋ᠠ ᠶᠢᠨ ᠬᠤᠷᠠᠯ ᠬᠤᠷᠠᠯᠳ᠋ᠤᠭᠤᠯᠪᠠ