ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ᠁
ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠴᠠᠭᠠᠨ ᠰᠤᠳ᠋ᠤᠯᠬᠤ ᠲᠤᠭᠤᠢ᠌ᠯᠠᠩ ᠵᠠᠷᠤᠳ ᠬᠤᠰᠢᠭᠤᠨ ᠳᠤ ᠬᠦᠷᠴᠦ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳ᠋ᠠ ᠶᠢᠨ ᠠᠵᠢᠯ ᠢ ᠪᠠᠢ᠌ᠴᠠᠭᠠᠨ ᠰᠤᠳ᠋ᠤᠯᠪᠠ

       


       
        5 ᠰᠠᠷ᠎ᠠ ᠶᠢᠨ 19 ᠤ ᠡᠳ᠋ᠦᠷ ᠡᠴᠡ 20 ᠤ ᠡᠳ᠋ᠦᠷ ᠪᠤᠯᠳ᠋ᠠᠯ᠎ᠠ᠂ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠸᠠᠩ ᠴᠢᠶ‍ᠦ᠋ᠩ ᠪᠠᠢ᠌ᠴᠠᠭᠠᠨ ᠰᠤᠳ᠋ᠤᠯᠬᠤ ᠲᠤᠭᠤᠢ᠌ᠯᠠᠩ ᠢ ᠲᠠᠭᠠᠭᠤᠯᠤᠨ ᠵᠠᠷᠤᠳ ᠬᠤᠰᠢᠭᠤᠨ ᠳᠤ ᠬᠦᠷᠴᠦ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳ᠋ᠠ ᠶᠢᠨ ᠠᠵᠢᠯ ᠢ ᠪᠠᠢ᠌ᠴᠠᠭᠠᠨ ᠰᠤᠳ᠋ᠤᠯᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠬᠤᠰᠢᠭᠤᠨ ᠤ ᠨᠠᠮ ᠤᠨ ᠬᠤᠷᠢᠶᠠᠨ ᠤ ᠪᠠᠢ᠌ᠩᠭ᠋ᠤ ᠶᠢᠨ ᠭᠡᠰᠢᠭᠦᠨ᠂ ᠬᠤᠰᠢᠭᠤᠨ ᠲᠡᠳ᠋ ᠲᠠᠷᠤᠭ᠎ᠠ ᠯᠢᠦ ᠶᠤᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠵᠢᠴᠢ ᠬᠤᠳ᠋ᠠ᠂ ᠬᠤᠰᠢᠭᠤ ᠬᠤᠶᠠᠷ ᠱᠠᠳ᠋ᠤᠨ ᠤ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ ᠪᠠᠷ᠎ᠠ ᠪᠤᠯᠪᠠ᠃ 

        
          ᠪᠠᠢ᠌ᠴᠠᠭᠠᠨ ᠰᠤᠳ᠋ᠤᠯᠬᠤ ᠲᠤᠭᠤᠢ᠌ᠯᠠᠩ ᠤᠨ ᠬᠢᠨ ᠤᠷᠢᠳ ᠬᠤᠵᠢᠳ ᠦᠪᠦᠷ ᠮᠤᠩᠭ᠋ᠤᠯ ᠤᠨ ᠬᠤᠤᠯᠢᠩᠭ᠋ᠤᠤᠯ ᠬᠤᠩ ᠵᠢᠶ‍ᠦ᠋ᠨ ᠬᠦᠩᠭᠡᠨᠴᠠᠭᠠᠨ ᠴᠠᠬᠢᠯᠭᠠᠨ ᠤ ᠬᠢᠵᠠᠭᠠᠷᠳ᠋ᠤ ᠬᠠᠷᠢᠭᠤᠴᠠᠯᠭᠠᠳ᠋ᠤ ᠺᠤᠮᠫᠠᠨᠢ ᠶᠢᠨ ᠵᠠᠬᠠᠨᠠᠭᠤᠷ ᠬᠤᠪᠢᠶᠠᠷᠢ ᠺᠤᠮᠫᠠᠨᠢ᠂ ᠦᠪᠦᠷ ᠮᠤᠩᠭ᠋ᠤᠯ ᠤᠨ ᠬᠠᠨ ᠠᠭᠤᠯᠠ ᠤᠯᠤᠰ ᠤᠨ ᠲᠡᠰ ᠤᠨ ᠪᠠᠢ᠌ᠭᠠᠯᠢ ᠶᠢᠨ ᠬᠠᠮᠠᠭᠠᠯᠠᠯᠳ᠋ᠠ ᠶᠢᠨ ᠤᠷᠤᠨ᠂ ᠲᠦ᠋ᠩᠯᠢᠶᠤᠤ ᠮᠸᠩ ᠳ᠋ᠦ᠋ᠩ ᠬᠠᠳ᠋ᠠᠭᠤ ᠪᠠᠶᠡᠳ᠋ᠦ ᠬᠠᠶᠠᠭᠳ᠋ᠠᠮᠠᠯ ᠪᠤᠳ᠋ᠠᠰ ᠢ ᠰᠢ᠌ᠳᠪᠦᠷᠢᠯᠡᠬᠦ ᠬᠢᠵᠠᠭᠠᠷᠳ᠋ᠤ ᠺᠤᠮᠫᠠᠨᠢ ᠵᠡᠷᠭᠡ ᠭᠠᠵᠠᠷ ᠲᠤ ᠬᠦᠷᠴᠦ᠂ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ ᠪᠠ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ ᠬᠡᠯᠪᠡᠷᠢ ᠪᠡᠷ ᠲᠠᠮᠵᠢᠨ᠂ ᠪᠦᠬᠦ ᠬᠤᠰᠢᠭᠤᠨ ᠤ ᠨᠤᠳ᠋ᠤᠭ ᠪᠡᠯᠴᠢᠭᠡᠷ ᠤᠨ ᠠᠮᠢ ᠠᠬᠤᠢ ᠶᠢᠨ ᠰᠡᠷᠭᠦᠭᠡᠭ᠍ᠰᠡᠨ ᠪᠤᠯᠤᠨ ᠬᠠᠳ᠋ᠠᠭᠤ ᠪᠡᠶᠡᠳ᠋ᠦ ᠬᠠᠶᠠᠭᠳ᠋ᠠᠮᠠᠯ ᠪᠤᠳ᠋ᠠᠰ ᠢ ᠰᠢ᠌ᠳᠪᠦᠷᠢᠯᠡᠭ᠍ᠰᠡᠨ ᠪᠠᠢ᠌ᠳ᠋ᠠᠯ ᠢ ᠨᠠᠷᠢᠯᠢᠭ ᠤᠢ᠌ᠯᠠᠭᠠᠪᠠ᠃

        
         ᠲᠤᠬᠠᠢ ᠶᠢᠨ ᠲᠠᠯᠠᠪᠤᠷ ᠲᠤᠨᠢ ᠪᠠᠢ᠌ᠴᠠᠭᠠᠨ ᠰᠤᠳ᠋ᠤᠯᠵᠤ ᠲᠠᠭᠤᠰᠤᠭᠰᠠᠨ ᠤ ᠰᠡᠭᠦᠯᠡᠷ᠂ ᠸᠠᠩ ᠴᠢᠶ‍ᠦ᠋ᠩ ᠰᠠᠭᠤᠳ᠋ᠠᠯ ᠤᠨ ᠬᠤᠷᠠᠯ ᠬᠤᠷᠠᠯᠳ᠋ᠤᠭᠤᠯᠤᠭᠰᠠᠨ ᠪᠦᠭᠡᠳ ᠪᠦᠬᠦ ᠬᠤᠰᠢᠭᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳ᠋ᠠ ᠶᠢᠨ ᠠᠵᠢᠯ ᠤᠨ ᠬᠠᠷᠢᠭᠤ ᠮᠡᠳ᠋ᠡᠭᠦᠯᠦᠯᠳ᠋ᠡ ᠶᠢ ᠰᠤᠨᠤᠰᠪᠠ᠃ ᠸᠠᠩ ᠴᠢᠶ‍ᠦ᠋ᠩ ᠡᠴᠡ᠂ ᠵᠠᠷᠤᠳ ᠬᠤᠰᠢᠭᠤ ᠰᠢ ᠵᠢᠨ ᠫᠢᠩ ᠶᠡᠷᠦᠩᠬᠡᠢ ᠱᠦ᠋ᠵᠢ ᠶᠢᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠵᠤ᠂ 《ᠬᠦᠭᠡᠮᠳ᠋ᠦᠭ᠌ ᠨᠤᠭᠤᠭᠠᠨ ᠠᠭᠤᠯᠠ ᠤᠰᠤ ᠪᠤᠯ ᠠᠯᠳ᠋ᠠ ᠮᠦ᠋ᠩᠭᠦᠨ ᠠᠭᠤᠯᠠ ᠮᠦ᠋ᠨ》 ᠭᠡᠬᠦ ᠤᠢ᠌ᠯᠠᠭᠠᠭᠳ᠋ᠠᠬᠤᠨ ᠢ ᠪᠠᠳ᠋ᠤ ᠪᠤᠢ ᠪᠤᠯᠭᠠᠨ᠂ ᠪᠤᠬᠢᠷᠳ᠋ᠤᠯ ᠦᠭᠡᠶ ᠬᠦᠭ᠍ᠵᠢᠯᠳ᠋ᠡ᠂ ᠠᠮᠢ ᠠᠬᠤᠢ ᠶᠢ ᠤᠷᠢᠳ᠋ᠠᠪᠠᠷ ᠪᠤᠳ᠋ᠤᠯᠬᠢᠯᠠᠬᠤ᠂ ᠤᠯᠠᠨ ᠠᠷᠭ᠎ᠠ ᠠᠪᠴᠠᠯ ᠢ ᠵᠡᠷᠭᠡᠪᠡᠷ ᠬᠡᠷᠡᠭᠯᠡᠬᠦ ᠶᠢ ᠪᠠᠷᠢᠮᠳ᠋ᠠᠯᠠᠵᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳ᠋ᠠ ᠶᠢᠨ ᠠᠵᠢᠯ ᠲᠤᠪᠤᠢ᠌ᠮ᠎ᠠ ᠦᠷ᠎ᠠ ᠪᠦᠳ᠋ᠦᠮᠵᠢ ᠤᠯᠪᠠ ᠭᠡᠵᠦ ᠵᠢᠭᠠᠵᠤ ᠭᠠᠷᠭᠠᠪᠠ᠃(ᠨᠠᠢᠷᠠᠭᠤᠯᠤᠭᠴᠢ᠄ ᠯᠸᠢ  ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠰᠡᠷᠡᠮᠵᠢᠯᠡᠭᠦᠯᠬᠦ ᠬᠦᠮᠦᠵᠢᠯ ᠤᠨ ᠬᠤᠷᠠᠯ ᠬᠤᠷᠠᠯᠳ᠋ᠤᠪᠠ
ᠳᠠᠷᠠᠭᠠᠬᠢ᠄ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ《ᠲᠦ᠋ᠮᠡᠨ ᠠᠵᠤ ᠠᠬᠤᠢ᠌ᠯᠠᠯ ᠲᠦ᠋ᠮᠡᠨ ᠡᠷᠦᠭᠡ ᠶᠢ ᠬᠦᠭ᠍ᠵᠢᠭᠦᠯᠦᠨ ᠮᠠᠨᠳ᠋ᠤᠭᠤᠯᠬᠤ》ᠲᠤᠰᠬᠤᠨ ᠪᠠ ᠠᠵᠤ ᠠᠬᠤᠢ᠌ᠯᠠᠯ ᠢ ᠵᠤᠯᠭᠠᠭᠤᠯᠬᠤ ᠬᠤᠷᠠᠯ ᠳᠤ ᠤᠷᠤᠯᠴᠠᠪᠠ