ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠲᠦ᠋ᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳ᠋ᠤᠭᠤᠯᠪᠠ

       
           5 ᠰᠠᠷ᠎ᠠ ᠶᠢᠨ 20 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠪᠦᠬᠦ ᠨᠠᠮ ᠤᠨ ᠭᠡᠰᠢᠭᠦᠨ ᠺᠠᠳ᠋ᠷᠴᠤᠳ ᠢ ᠵᠤᠬᠢᠶᠠᠨ ᠪᠠᠢ᠌ᠭᠤᠯᠵᠤ ᠲᠦ᠋ᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳ᠋ᠤᠭᠤᠯᠵᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠬᠤᠷᠠᠯ ᠳᠤ ᠤᠷᠤᠯᠴᠠᠪᠠ᠃ ᠬᠤᠷᠠᠯ ᠢ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠡᠷᠬᠢᠯᠡᠪᠡ᠃

          
             ᠬᠤᠷᠠᠯ ᠲᠡᠭᠡᠷ᠎ᠠ᠂ ᠤᠢ᠌ᠷ᠎ᠠ ᠶᠢᠨ ᠬᠤᠭᠤᠴᠠᠭᠠᠨ ᠤ ᠨᠢᠭᠤᠴᠠ ᠶᠢ ᠬᠠᠮᠠᠭᠠᠯᠠᠬᠤ ᠠᠵᠢᠯ ᠤᠨ ᠰᠠᠨᠠᠭᠤᠯᠤᠮᠵᠢ ᠵᠢᠴᠢ 《ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢ ᠠᠬᠢᠭᠤᠯᠬᠤ ᠲᠦ᠋ᠷᠢᠮ》 《ᠪᠦᠬᠦᠳ᠋ᠠ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠠᠯᠪᠠᠳ᠋ᠠᠨ ᠤ ᠬᠠᠦᠯᠢ》 《ᠠᠯᠪᠠᠳ᠋ᠠᠨ ᠢ ᠠᠩᠬ᠎ᠠ ᠲᠤᠮᠢᠯᠠᠬᠤ ᠪᠤᠯᠪᠠᠰᠤᠷᠠᠯ ᠤᠨ ᠠᠷᠭ᠎ᠠ (ᠲᠤᠷᠰᠢᠨ ᠬᠡᠷᠡᠭ᠍ᠵᠢᠭᠦᠯᠬᠦ)》 《ᠠᠯᠪᠠᠳ᠋ᠠᠨ ᠢ ᠢᠯᠡ ᠪᠠᠷ ᠰᠢᠯᠢᠨ ᠰᠤᠩᠭ᠋ᠤᠬᠤ ᠠᠷᠭ᠎ᠠ (ᠲᠤᠷᠰᠢᠨ ᠬᠡᠷᠡᠭ᠍ᠵᠢᠭᠦᠯᠬᠦ)》 《ᠠᠯᠪᠠᠳ᠋ᠠᠨ ᠢ ᠡᠯᠰᠡᠨ ᠬᠡᠷᠡᠭᠯᠡᠵᠦ ᠰᠢᠯᠭᠠᠨ ᠪᠠᠢ᠌ᠴᠠᠭᠠᠬᠤ ᠠᠷᠭ᠎ᠠ (ᠲᠤᠷᠰᠢᠨ ᠬᠡᠷᠡᠭ᠍ᠵᠢᠭᠦᠯᠬᠦ)》 《ᠠᠯᠪᠠᠳ᠋ᠠᠨ ᠡᠯᠰᠡᠨ ᠬᠡᠷᠡᠭᠯᠡᠬᠦ ᠲᠦ᠋ᠷᠢᠮ ᠲᠤᠭᠳ᠋ᠠᠭᠠᠯ ᠰᠠᠬᠢᠯᠭ᠎ᠠ ᠪᠠᠳ᠋ᠤ ᠶᠢ ᠵᠦ᠋ᠷᠢᠴᠡᠭ᠍ᠰᠡᠨ ᠦᠢᠯᠡ ᠠᠵᠢᠯᠯᠠᠭ᠎ᠠ ᠶᠢ ᠰᠢ᠌ᠳᠪᠦᠷᠢᠯᠡᠬᠦ ᠠᠷᠭ᠎ᠠ》 ᠵᠡᠷᠭᠡ ᠬᠠᠦᠯᠢ ᠴᠠᠭᠠᠵᠠ ᠬᠠᠦᠯᠢ ᠲᠤᠭᠳ᠋ᠠᠭᠠᠯ ᠢ ᠲᠦ᠋ᠪᠯᠡᠷᠡᠭᠦᠯᠦᠨ ᠰᠤᠷᠤᠯᠴᠠᠪᠠ᠃ 

        
        ᠲᠤᠰ ᠤᠳ᠋ᠠᠭᠠᠨ ᠤ ᠰᠤᠷᠤᠯᠴᠠᠯᠭ᠎ᠠ ᠪᠠᠷ ᠲᠠᠮᠵᠢᠨ᠂ ᠤᠯᠠᠨ ᠪᠦᠭᠦᠳ᠋ᠡᠭᠡᠷ ᠶᠢᠡᠨ ᠬᠤᠢ᠌ᠰᠢᠳ᠋ᠠ ᠶᠢᠨ ᠠᠵᠢᠯ ᠤᠨ ᠲᠤᠮᠳ᠋ᠠ ᠪᠠᠨ 《ᠲᠦ᠋ᠷᠢᠮ》 ᠢ ᠰᠤᠷᠤᠯᠴᠡᠨ ᠲᠤᠭᠤᠰᠢᠯᠠᠭᠤᠯᠬᠤ ᠶᠢ ᠤᠳ᠋ᠤᠬᠠᠨ ᠤ ᠴᠢᠬᠤᠯᠠ ᠨᠢᠭᠡ ᠤᠯᠤᠰ ᠲᠦ᠋ᠷᠦ ᠶᠢᠨ ᠡᠭᠦᠷᠭᠡ ᠪᠤᠯᠭᠠᠵᠤ᠂ ᠦᠨᠳ᠋ᠦᠰᠦᠳ᠋ᠡᠨ ᠤ ᠠᠵᠢᠯ ᠢ ᠦᠷᠨᠢᠭᠦᠯᠬᠦ ᠶᠢᠨ ᠴᠢᠬᠤᠯᠠ  ᠠᠴᠢ ᠬᠤᠯᠪᠤᠭᠳ᠋ᠠᠯ ᠢ ᠭᠦᠢᠴᠡᠳ ᠲᠠᠨᠢᠨ᠂ ᠠᠵᠢᠯ ᠤᠨ ᠴᠢᠳ᠋ᠠᠪᠤᠷᠢ ᠪᠠ ᠬᠢᠷᠢ ᠲᠦ᠋ᠪᠰᠢᠨ ᠪᠠᠨ ᠲᠠᠰᠤᠷᠠᠯᠳ᠋ᠠ ᠦᠭᠡᠶ ᠲᠡᠭᠡᠭ᠍ᠰᠢᠯᠡᠭᠦᠯᠵᠦ᠂ ᠬᠠᠮᠳ᠋ᠤᠪᠠᠷ ᠡᠷᠡᠭᠦᠯ ᠴᠢᠬᠢᠷᠠᠭ᠂ ᠲᠤᠭᠳ᠋ᠠᠭᠤᠨ᠂ ᠡᠶ᠎ᠠ ᠵᠤᠬᠢᠴᠡᠯ ᠲᠡᠶ ᠨᠡᠢ᠌ᠭᠡᠮ ᠤᠨ ᠤᠷᠴᠢᠨ ᠲᠤᠭᠤᠷᠢᠨ ᠢ ᠪᠤᠢ ᠪᠤᠯᠭᠠᠶ᠎ᠠ ᠭᠡᠵᠦ ᠢᠯᠡᠷᠬᠡᠢ᠌ᠯᠡᠵᠡᠭᠡᠪᠡ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠲᠦ᠋ᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳ᠋ᠤᠪᠠ
ᠳᠠᠷᠠᠭᠠᠬᠢ᠄ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠢᠭᠤᠴᠠ ᠶᠢ ᠬᠠᠮᠠᠭᠠᠯᠠᠬᠤ ᠠᠵᠢᠯ ᠤᠨ 《ᠦᠨᠳ᠋ᠦᠰᠦᠨ ᠱᠠᠳ᠋ᠤᠨ ᠤ ᠰᠠᠭᠤᠷᠢ ᠵᠠᠰᠠᠯᠳ᠋ᠠ ᠶᠢ ᠲᠡᠭᠡᠭ᠍ᠰᠢᠯᠡᠭᠦᠯᠬᠦ ᠤᠨ》 ᠤ ᠠᠵᠢᠯᠯᠠᠭ᠎ᠠ ᠶᠢᠨ ᠲᠤᠰᠬᠠᠢ ᠰᠡᠳ᠋ᠦᠪᠳ᠋ᠦ ᠬᠤᠷᠠᠯ ᠬᠤᠷᠠᠯᠳ᠋ᠤᠪᠠ