ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ《ᠲᠦ᠋ᠮᠡᠨ ᠠᠵᠤ ᠠᠬᠤᠢ᠌ᠯᠠᠯ ᠲᠦ᠋ᠮᠡᠨ ᠡᠷᠦᠭᠡ ᠶᠢ ᠬᠦᠭ᠍ᠵᠢᠭᠦᠯᠦᠨ ᠮᠠᠨᠳ᠋ᠤᠭᠤᠯᠬᠤ》ᠲᠤᠰᠬᠤᠨ ᠪᠠ ᠠᠵᠤ ᠠᠬᠤᠢ᠌ᠯᠠᠯ ᠢ ᠵᠤᠯᠭᠠᠭᠤᠯᠬᠤ ᠬᠤᠷᠠᠯ ᠳᠤ ᠤᠷᠤᠯᠴᠠᠪᠠ

5 ᠰᠠᠷ᠎ᠠ ᠶᠢᠨ 24 ᠤ ᠡᠳ᠋ᠦᠷ᠂ ᠪᠠᠶᠠᠷᠳ᠋ᠤᠬᠤᠰᠢᠭᠤ ᠪᠠᠯᠭᠠᠰᠤᠨ ᠳᠤ《ᠲᠦ᠋ᠮᠡᠨ ᠠᠵᠤ ᠠᠬᠤᠢ᠌ᠯᠠᠯ ᠲᠦ᠋ᠮᠡᠨ ᠡᠷᠦᠭᠡ ᠶᠢ ᠬᠦᠭ᠍ᠵᠢᠭᠦᠯᠦᠨ ᠮᠠᠨᠳ᠋ᠤᠭᠤᠯᠬᠤ》ᠲᠤᠰᠬᠤᠨ ᠪᠠ ᠠᠵᠤ ᠠᠬᠤᠢ᠌ᠯᠠᠯ ᠢ ᠵᠤᠯᠭᠠᠭᠤᠯᠬᠤ ᠰᠠᠭᠤᠳ᠋ᠠᠯ ᠤᠨ ᠬᠤᠷᠠᠯ ᠬᠤᠷᠠᠯᠳ᠋ᠤᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ᠂ ᠦᠢᠯᠡᠳᠪᠦᠷᠢ ᠬᠤᠳ᠋ᠠᠯᠳ᠋ᠤᠭ᠎ᠠ ᠶᠢᠨ ᠬᠤᠯᠪᠤᠭᠠᠨ ᠤ ᠲᠡᠷᠢᠭᠦᠯᠡᠭ᠍ᠴᠢ ᠵᠠᠩ ᠶᠦ᠋ᠩ ᠴᠢᠶᠠᠩ᠂ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠲᠠᠷᠤᠭ᠎ᠠ ᠲᠤᠩᠭ᠋ᠠᠯᠠᠭ ᠬᠤᠷᠠᠯ ᠳᠤ ᠰᠠᠭᠠᠳ᠋ᠠᠪᠠ᠃ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ᠂ ᠪᠠᠶᠠᠷᠳ᠋ᠤᠬᠤᠰᠢᠭᠤ ᠪᠠᠯᠭᠠᠰᠤᠨ ᠤ ᠬᠡᠰᠡᠭ᠌ ᠭᠠᠴᠠᠭ᠎ᠠ ᠲᠤᠰᠬᠤᠨ ᠤ ᠨᠠᠮ ᠤᠨ ᠡᠭᠦᠷ ᠤᠨ ᠱᠦ᠋ᠵᠢ᠂ ᠬᠠᠮᠢᠶ᠎ᠠ ᠪᠦᠬᠦᠢ ᠠᠵᠤ ᠠᠬᠤᠢ᠌ᠯᠠᠯ ᠤᠨ ᠬᠠᠷᠢᠭᠤᠴᠠᠯᠭᠠᠳ᠋ᠠᠨ ᠬᠤᠷᠠᠯ ᠳᠤ ᠤᠷᠤᠯᠴᠠᠪᠠ᠃

ᠵᠤᠯᠭᠠᠯᠳ᠋ᠠ ᠶᠢᠨ ᠰᠠᠭᠤᠳ᠋ᠠᠯ ᠤᠨ ᠬᠤᠷᠠᠯ ᠲᠡᠭᠡᠷ᠎ᠠ᠂ ᠡᠯ᠎ᠠ ᠬᠠᠪᠰᠤᠷᠤᠨ ᠲᠡᠳᠭᠦᠬᠦ ᠠᠵᠤ ᠠᠬᠤᠢ᠌ᠯᠠᠯ ᠪᠤᠯᠤᠨ ᠪᠠᠶᠠᠷᠳ᠋ᠤᠬᠤᠰᠢᠭᠤ ᠪᠠᠯᠭᠠᠰᠤᠨ ᠤ ᠬᠡᠰᠡᠭ᠌ ᠭᠠᠴᠠᠭ᠎ᠠ ᠲᠤᠰᠬᠤᠨ ᠰᠠᠨᠠᠯ ᠶᠢᠡᠨ ᠭᠦᠨᠵᠡᠭᠡᠢ ᠰᠤᠯᠢᠯᠴᠡᠨ᠂ ᠬᠠᠪᠰᠤᠷᠤᠨ ᠲᠡᠳᠭᠦᠬᠦ ᠠᠵᠤ ᠠᠬᠤᠢ᠌ᠯᠠᠯ《ᠲᠦ᠋ᠮᠡᠨ ᠠᠵᠤ ᠠᠬᠤᠢ᠌ᠯᠠᠯ ᠲᠦ᠋ᠮᠡᠨ ᠡᠷᠦᠭᠡ ᠶᠢ ᠬᠦᠭ᠍ᠵᠢᠭᠦᠯᠦᠨ ᠮᠠᠨᠳ᠋ᠤᠭᠤᠯᠬᠤ》ᠠᠵᠢᠯᠯᠠᠭ᠎ᠠ ᠶᠢᠨ ᠲᠤᠭᠤᠷᠢᠨ ᠳᠤ᠂《ᠲᠤᠰᠬᠤᠨ ᠠᠵᠤ ᠠᠬᠤᠢ᠌ᠯᠠᠯ ᠢ ᠵᠤᠯᠭᠠᠭᠤᠯᠬᠤ》ᠠᠵᠢᠯᠯᠠᠭ᠎ᠠ ᠦᠷᠨᠢᠭᠦᠯᠵᠦ᠂ ᠲᠤᠰ ᠪᠡᠶ᠎ᠠ ᠶᠢᠨ ᠲᠠᠪᠠᠭᠤᠯᠢᠭ ᠶᠢᠡᠨ ᠪᠠᠳ᠋ᠠᠷᠠᠭᠤᠯᠤᠨ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠳᠤ ᠬᠦᠴᠦᠨ ᠨᠡᠮᠡᠷᠢᠯᠡᠬᠦ ᠲᠤᠬᠠᠢ ᠢᠳ᠋ᠡᠪᠬᠢᠲᠦ ᠰᠠᠨᠠᠯ ᠶᠢᠡᠨ ᠢᠯᠡᠳᠭᠡᠨ᠂ ᠡᠯ᠎ᠠ ᠭᠠᠴᠠᠭ᠎ᠠ ᠲᠤᠰᠬᠤᠨ ᠤ ᠬᠠᠷᠢᠭᠤᠴᠠᠯᠭᠠᠳ᠋ᠠᠨ ᠲᠤᠰ ᠲᠤᠰ ᠡᠯ᠎ᠠ ᠭᠠᠴᠠᠭᠠᠨ ᠤ ᠦᠨᠳ᠋ᠦᠰᠦᠨ ᠪᠠᠢ᠌ᠳ᠋ᠠᠯ ᠪᠠ ᠢᠷᠡᠭᠡᠳ᠋ᠦᠢ ᠶᠢᠨ ᠲᠦ᠋ᠯᠦᠪᠯᠡᠯᠭᠡ ᠶᠢᠨ ᠰᠡᠳᠭᠢᠮᠵᠢ ᠪᠠᠨ ᠲᠠᠢ᠌ᠯᠪᠤᠷᠢᠯᠠᠪᠠ᠃
ᠡᠦ ᠴᠢᠩ ᠬᠠᠢ᠂ ᠪᠠᠶᠠᠷᠳ᠋ᠤᠬᠤᠰᠢᠭᠤ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠤᠷᠳ᠋ᠤᠨ ᠲᠡᠭᠡᠳ᠋ᠦ ᠬᠡᠮᠵᠢᠶ᠎ᠠ ᠪᠠᠷ ᠴᠢᠬᠤᠯᠠᠴᠢᠯᠡᠨ᠂《ᠲᠦ᠋ᠮᠡᠨ ᠠᠵᠤ ᠠᠬᠤᠢ᠌ᠯᠠᠯ ᠲᠦ᠋ᠮᠡᠨ ᠡᠷᠦᠭᠡ ᠶᠢ ᠬᠦᠭ᠍ᠵᠢᠭᠦᠯᠦᠨ ᠮᠠᠨᠳ᠋ᠤᠭᠤᠯᠬᠤ》ᠠᠵᠢᠯᠯᠠᠭ᠎ᠠ ᠶᠢ ᠡᠳ᠋ᠦᠷ ᠲᠤᠳ᠋ᠤᠮ ᠤᠨ ᠴᠢᠬᠤᠯᠠ ᠵᠦ᠋ᠪᠯᠡᠬᠦ ᠵᠦ᠋ᠢᠯ ᠳᠡᠭᠡᠨ ᠤᠷᠤᠭᠤᠯᠵᠤ᠂ ᠨᠠᠷᠢᠨ ᠬᠢᠨᠠᠮᠠᠭᠠᠢ ᠰᠤᠳ᠋ᠤᠯᠤᠨ ᠲᠦ᠋ᠯᠦᠪᠵᠢᠭᠦᠯᠵᠦ᠂ ᠬᠠᠷᠢᠭᠤᠴᠠᠯᠭ᠎ᠠ ᠪᠠᠨ ᠲᠤᠳ᠋ᠤᠷᠬᠠᠢ᠌ᠯᠡᠨ᠂ ᠲᠤᠰᠬᠤᠨ ᠤ ᠪᠠᠢ᠌ᠳ᠋ᠠᠯ ᠳ᠋ᠤᠨᠢ ᠲᠤᠬᠢᠷᠠᠭᠤᠯᠤᠨ ᠪᠤᠳ᠋ᠠᠳ᠋ᠠᠢ ᠬᠡᠷᠡᠭ᠍ᠵᠢᠭᠦᠯᠬᠦ ᠲᠦ᠋ᠰᠦᠯ ᠪᠤᠯᠤᠨ ᠠᠷᠭ᠎ᠠ ᠠᠪᠴᠡᠯ ᠢ ᠲᠤᠭᠳ᠋ᠠᠭᠠᠵᠤ᠂ ᠬᠤᠯᠪᠤᠭᠳ᠋ᠠᠯ ᠪᠦᠬᠦᠢ ᠠᠵᠢᠯ ᠢ ᠪᠤᠳ᠋ᠠᠳ᠋ᠠᠢ ᠨᠠᠷᠢᠯᠢᠭ ᠬᠢᠵᠦ᠂ ᠲᠤᠬᠢᠷᠠᠭᠤᠯᠤᠨ ᠪᠠᠢ᠌ᠷᠢᠯᠠᠭᠤᠯᠬᠤ ᠬᠡᠷᠡᠭ᠍ᠳ᠋ᠠᠢ᠃ ᠡᠯ᠎ᠠ ᠭᠠᠴᠠᠭ᠎ᠠ ᠲᠤᠰᠬᠤᠨ ᠢᠳ᠋ᠡᠪᠬᠢᠳ᠋ᠠᠢ ᠬᠠᠮᠵᠢᠯᠴᠡᠨ᠂ ᠬᠦᠭ᠍ᠵᠢᠯᠳ᠋ᠡ ᠶᠢᠨ ᠠᠵᠠ ᠲᠤᠬᠢᠶᠠᠯ ᠢ ᠰᠠᠢ᠌ᠳ᠋ᠤᠷ ᠡᠵᠡᠮᠳ᠋ᠡᠨ᠂ ᠦᠵᠡᠯ ᠰᠠᠨᠠᠭ᠎ᠠ ᠲᠠᠨᠢᠯᠳ᠋ᠠ ᠪᠠᠨ ᠬᠤᠪᠢᠷᠠᠭᠤᠯᠵᠤ᠂ ᠭᠠᠴᠠᠭ᠎ᠠ ᠲᠤᠰᠬᠤᠨ ᠤ ᠡᠬᠢ ᠪᠠᠶᠠᠯᠢᠭ ᠤᠨ ᠲᠠᠪᠠᠭᠤᠯᠢᠭ ᠢ ᠭᠦᠢᠴᠡᠳ ᠪᠠᠳ᠋ᠠᠷᠠᠭᠤᠯᠤᠨ᠂ ᠰᠢᠨᠵᠢᠯᠡᠬᠦ ᠤᠬᠠᠭᠠᠨᠴᠢ ᠵᠦ᠋ᠢ ᠵᠤᠬᠢᠰᠳ᠋ᠠᠢ᠂ ᠤᠯᠠᠨ ᠲᠦ᠋ᠮᠡᠨ ᠤ ᠬᠦᠰᠡᠨ ᠡᠷᠡᠮᠡᠯᠵᠡᠵᠦ ᠪᠠᠢ᠌ᠭ᠎ᠠ ᠰᠠᠢ᠌ᠨ ᠲᠦ᠋ᠷᠦᠯ ᠵᠦ᠋ᠢᠯ ᠢ ᠰᠤᠳ᠋ᠤᠯᠤᠨ ᠭᠠᠷᠭᠠᠬᠤ ᠬᠡᠷᠡᠭ᠍ᠳ᠋ᠠᠢ᠃ ᠡᠯ᠎ᠠ ᠠᠵᠤ ᠠᠬᠤᠢ᠌ᠯᠠᠯ ᠨᠡᠢ᠌ᠭᠡᠮ ᠤᠨ ᠬᠠᠷᠢᠭᠤᠴᠠᠯᠭ᠎ᠠ ᠪᠠᠨ ᠭᠦᠢᠴᠡᠳᠭᠡᠨ᠂ ᠠᠵᠤ ᠠᠬᠤᠢ᠌ᠯᠠᠯ ᠤᠨ ᠲᠤᠰ ᠪᠡᠶ᠎ᠠ ᠶᠢᠨ ᠤᠨᠴᠠᠯᠢᠭ ᠲᠡᠶ ᠪᠠᠨ ᠤᠶᠠᠯᠳ᠋ᠤᠭᠤᠯᠵᠤ᠂ ᠨᠢᠭᠡᠳ᠋ᠦᠯᠳ᠋ᠠᠢ ᠲᠦ᠋ᠯᠦᠪᠵᠢᠭᠦᠯᠦᠨ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭ᠍ᠳ᠋ᠠᠢ᠃ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦ᠋ᠴᠢᠷ《ᠲᠦ᠋ᠮᠡᠨ ᠠᠵᠤ ᠠᠬᠤᠢ᠌ᠯᠠᠯ ᠲᠦ᠋ᠮᠡᠨ ᠡᠷᠦᠭᠡ ᠶᠢ ᠬᠦᠭ᠍ᠵᠢᠭᠦᠯᠦᠨ ᠮᠠᠨᠳ᠋ᠤᠭᠤᠯᠬᠤ》ᠠᠵᠢᠯᠯᠠᠭ᠎ᠠ ᠶᠢᠨ ᠠᠵᠢᠯ ᠤᠨ ᠪᠠᠢ᠌ᠷᠢᠯᠠᠭᠤᠯᠤᠯᠳ᠋ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠵᠤ᠂ ᠠᠵᠢᠯ ᠤᠨ ᠵᠢᠯᠤᠭᠤᠳ᠋ᠤᠯᠭ᠎ᠠ ᠪᠠᠨ ᠴᠢᠩᠭ᠋ᠠᠳᠬᠠᠨ᠂ ᠬᠦᠭᠦᠷᠭᠡ ᠬᠤᠯᠪᠤᠭᠠᠰᠤ ᠶᠢᠨ ᠦᠢᠯᠡᠳ᠋ᠦᠯ ᠶᠢᠡᠨ ᠭᠦᠢᠴᠡᠳ ᠪᠠᠳ᠋ᠠᠷᠠᠭᠤᠯᠤᠨ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃
ᠬᠤᠷᠠᠯ ᠲᠡᠭᠡᠷ᠎ᠠ᠂ ᠠᠵᠤ ᠠᠬᠤᠢ᠌ᠯᠠᠯ ᠪᠠ ᠭᠠᠴᠠᠭ᠎ᠠ ᠲᠤᠰᠬᠤᠨ ᠡᠴᠨ《ᠲᠦ᠋ᠮᠡᠨ ᠠᠵᠤ ᠠᠬᠤᠢ᠌ᠯᠠᠯ ᠲᠦ᠋ᠮᠡᠨ ᠡᠷᠦᠭᠡ ᠶᠢ ᠬᠦᠭ᠍ᠵᠢᠭᠦᠯᠦᠨ ᠮᠠᠨᠳ᠋ᠤᠭᠤᠯᠬᠤ》ᠠᠵᠢᠯᠯᠠᠭᠠᠨ ᠤ ᠲᠤᠰᠬᠤᠨ ᠪᠠ ᠠᠵᠤ ᠠᠬᠤᠢ᠌ᠯᠠᠯ ᠬᠤᠯᠪᠤᠭᠠᠯᠠᠬᠤ ᠵᠦ᠋ᠪᠯᠡᠯᠴᠡᠭᠡᠷ ᠤᠨ ᠪᠢᠴᠢᠭ᠌ ᠲᠤ ᠭᠠᠷ ᠤᠨ ᠦᠰᠦᠭ᠌ ᠵᠢᠷᠤᠪᠠ᠃ (ᠨᠠᠢ᠌ᠷᠠᠭᠤᠯᠤᠭᠴᠢ᠄ ᠯᠸᠢ ᠫᠠᠩ)