ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ《ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢ ᠠᠬᠢᠭᠤᠯᠬᠤ ᠲᠦ᠋ᠷᠢᠮ》 ᠢ ᠲᠤᠭᠤᠰᠢᠯᠠᠭᠤᠯᠵᠤ ᠬᠡᠷᠡᠭ᠍ᠵᠢᠭᠦᠯᠦᠭ᠍ᠰᠡᠨ ᠪᠠᠢ᠌ᠳ᠋ᠠᠯ ᠳᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠬᠢᠪᠡ
5 ᠰᠠᠷ᠎ᠠ ᠶᠢᠨ 23 ᠤ ᠡᠳ᠋ᠦᠷ ᠡᠴᠡ 26 ᠤ ᠡᠳ᠋ᠦᠷ ᠪᠤᠯᠳ᠋ᠠᠯ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠴᠦ᠋ᠨ ᠡᠾᠦ᠋ᠢ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ ᠢ ᠲᠠᠭᠠᠭᠤᠯᠤᠨ ᠪᠦᠬᠦ ᠬᠤᠰᠢᠭᠤᠨ ᠤ 《ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢ ᠠᠬᠢᠭᠤᠯᠬᠤ ᠲᠦ᠋ᠷᠢᠮ》 ᠢ ᠲᠤᠭᠤᠰᠢᠯᠠᠭᠤᠯᠵᠤ ᠬᠡᠷᠡᠭ᠍ᠵᠢᠭᠦᠯᠦᠭ᠍ᠰᠡᠨ ᠪᠠᠢ᠌ᠳ᠋ᠠᠯ ᠳᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠬᠢᠵᠦ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ ᠪᠠᠷ᠎ᠠ ᠪᠤᠯᠪᠠ᠃
ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ ᠤᠷᠢᠳ ᠬᠤᠵᠢᠳ ᠬᠤᠰᠢᠭᠤᠨ ᠤ ᠮᠤᠩᠭ᠋ᠤᠯ ᠦᠨᠳ᠋ᠦᠰᠦᠳ᠋ᠡᠨ ᠤ ᠲᠤᠷᠰᠢᠯᠳ᠋ᠡ ᠶᠢᠨ ᠪᠠᠭ᠎ᠠ ᠰᠤᠷᠭᠠᠭᠤᠯᠢ᠂ ᠬᠤᠰᠢᠭᠤᠨ ᠤ ᠮᠤᠩᠭ᠋ᠤᠯ ᠦᠨᠳ᠋ᠦᠰᠦᠳ᠋ᠡᠨ ᠤ ᠬᠤᠶᠠᠳ᠋ᠤᠭᠠᠷ ᠲᠤᠮᠳ᠋ᠠᠳ᠋ᠤ ᠰᠤᠷᠭᠠᠭᠤᠯᠢ᠂ ᠪᠠᠶᠠᠨᠳ᠋ᠠᠯ᠎ᠠ ᠰᠤᠮᠤ᠂ ᠰᠢᠶᠠᠩᠱᠠᠨ ᠪᠠᠯᠭᠠᠰᠤ᠂ ᠰᠢᠶᠠᠩᠱᠠᠨ ᠲᠠᠷᠢᠶᠠᠯᠠᠩ ᠤᠨ ᠲᠠᠯᠠᠪᠠᠢ᠂ ᠵᠢᠷᠦᠬᠡ ᠪᠠᠯᠭᠠᠰᠤ᠂ ᠴᠢᠪᠠᠭᠠᠳ᠋ᠤ ᠰᠤᠮᠤ᠂ ᠦᠯᠵᠡᠢ᠌ᠮᠦ᠋ᠷᠡᠨ ᠰᠤᠮᠤ ᠵᠡᠷᠭᠡ ᠭᠠᠵᠠᠷ ᠲᠤ ᠬᠦᠷᠴᠦ᠂ ᠦᠪᠡᠷᠳ᠋ᠡᠭᠡᠨ ᠵᠠᠰᠠᠬᠤ ᠤᠷᠤᠨ ᠤ ᠦᠨᠳ᠋ᠦᠰᠦᠳ᠋ᠡᠨ ᠤ ᠲᠦ᠋ᠷᠦ ᠶᠢᠨ ᠪᠤᠳ᠋ᠤᠯᠭ᠎ᠠ ᠶᠢᠨ ᠤᠬᠠᠭᠤᠯᠭ᠎ᠠ ᠶᠢᠨ ᠰᠠᠷ᠎ᠠ ᠪᠠ ᠦᠨᠳ᠋ᠦᠰᠦᠳ᠋ᠡᠨ ᠤ ᠬᠠᠦᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠲᠡᠶ ᠤᠶᠠᠯᠳ᠋ᠤᠭᠤᠯᠤᠨ᠂ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ᠂ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ᠂ ᠮᠠᠲ᠋ᠸᠷᠢᠶᠠᠯ ᠪᠠᠢ᠌ᠴᠠᠭᠠᠬᠤ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠤᠨ ᠰᠠᠨᠠᠯ ᠶᠢᠡᠨ ᠰᠤᠯᠢᠴᠯᠠᠬᠤ ᠵᠡᠷᠭᠡ ᠬᠡᠯᠪᠡᠷᠢ ᠪᠠᠷ ᠲᠠᠮᠵᠢᠨ᠂ ᠪᠦᠬᠦ ᠬᠤᠰᠢᠭᠤᠨ ᠤ 《ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢ ᠠᠬᠢᠭᠤᠯᠬᠤ ᠲᠦ᠋ᠷᠢᠮ》 ᠢ ᠲᠤᠭᠤᠰᠢᠯᠠᠭᠤᠯᠵᠤ ᠬᠡᠷᠡᠭ᠍ᠵᠢᠭᠦᠯᠦᠭ᠍ᠰᠡᠨ ᠪᠠᠢ᠌ᠳ᠋ᠠᠯ ᠢ ᠭᠦᠨᠵᠡᠭᠡᠢ ᠨᠠᠷᠢᠯᠢᠭ ᠤᠢ᠌ᠯᠠᠭᠠᠭᠰᠠᠨ ᠪᠦᠭᠡᠳ ᠠᠰᠠᠭᠤᠳ᠋ᠠᠯ ᠶᠢᠡᠷ ᠤᠳ᠋ᠤᠷᠢᠳ᠋ᠤᠮᠵᠢ ᠪᠤᠯᠭᠠᠬᠤ ᠶᠢ ᠪᠠᠷᠢᠮᠳ᠋ᠡᠯᠡᠨ᠂ ᠪᠤᠳ᠋ᠠᠳ᠋ᠠᠢ ᠵᠦ᠋ᠢᠯ ᠤᠨ ᠵᠤᠷᠪᠤᠰ ᠤᠨ ᠬᠠᠷᠢᠭᠤᠴᠠᠯᠭ᠎ᠠ ᠶᠢ ᠨᠠᠢ᠌ᠳ᠋ᠠᠪᠤᠷᠢᠵᠢᠭᠤᠯᠬᠤ ᠳᠤ ᠠᠩᠬᠠᠷᠤᠯ ᠶᠢᠡᠨ ᠲᠦ᠋ᠪᠯᠡᠷᠡᠭᠦᠯᠵᠦ᠂᠂ ᠤᠷᠤᠰᠢᠵᠤ ᠪᠠᠢ᠌ᠬᠤ ᠲᠤᠪᠤᠢ᠌ᠮ᠎ᠠ ᠠᠰᠠᠭᠤᠳ᠋ᠠᠯ ᠪᠠ ᠲᠤᠳ᠋ᠠᠭᠳ᠋ᠠᠯ ᠢ ᠲᠤᠳ᠋ᠤᠷᠬᠠᠢ ᠵᠢᠭᠠᠨ ᠭᠠᠷᠭᠠᠵᠤ᠂ ᠬᠠᠨᠳ᠋ᠤᠭᠠᠯᠳ᠋ᠤ ᠴᠢᠨᠠᠷᠳ᠋ᠠᠢ ᠰᠠᠨᠠᠯ ᠰᠠᠨᠠᠭᠤᠯᠭ᠎ᠠ ᠶᠢ ᠲᠤᠷᠠᠳᠪᠠ᠃
ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ ᠤᠨ ᠬᠢᠨ᠂ ᠡᠯ᠎ᠠ ᠭᠠᠵᠠᠷ ᠡᠯ᠎ᠠ ᠰᠠᠯᠠᠭ᠎ᠠ ᠮᠦ᠋ᠴᠢᠷ ᠡᠴᠡ ᠰᠤᠷᠤᠯᠴᠠᠯᠭ᠎ᠠ ᠶᠢᠨ ᠤᠬᠠᠭᠤᠯᠭ᠎ᠠ᠂ ᠰᠤᠷᠭᠠᠨ ᠬᠦᠮᠦᠵᠢᠯ ᠤᠨ ᠪᠤᠯᠪᠠᠰᠤᠷᠠᠯ ᠢ ᠴᠢᠩᠭ᠋ᠠᠳᠬᠠᠨ᠂ ᠰᠢᠨ᠎ᠠ ᠪᠠᠢ᠌ᠳ᠋ᠠᠯ ᠲᠤᠤᠷᠠᠬᠢ ᠦᠨᠳ᠋ᠦᠰᠦᠳ᠋ᠡᠨ ᠤ ᠠᠵᠢᠯ ᠢ ᠰᠠᠢ᠌ᠳ᠋ᠤᠷ ᠬᠢᠬᠦ ᠶᠢᠨ ᠴᠢᠬᠤᠯᠠ ᠴᠢᠨᠠᠷ ᠤᠨ ᠲᠠᠨᠢᠯᠳ᠋ᠠ ᠶᠢ ᠦᠨᠡᠨᠬᠦ ᠲᠠᠭᠡᠭ᠍ᠰᠢᠯᠡᠬᠦᠯᠵᠦ᠂ ᠶᠡᠷᠦᠩᠬᠡᠢ ᠱᠦ᠋ᠵᠢ ᠰᠢ ᠵᠢᠨ ᠫᠢᠩ ᠤᠨ ᠦᠨᠳ᠋ᠦᠰᠦᠳ᠋ᠡᠨ ᠤ ᠠᠵᠢᠯ ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠤᠢ᠌ᠯᠠᠭᠠᠨ᠂ ᠲᠦ᠋ᠪ ᠪᠠ ᠦᠪᠡᠷᠳ᠋ᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠳ᠋ᠠ ᠶᠢᠨ ᠨᠠᠮ ᠤᠨ ᠬᠤᠷᠢᠶᠠᠨ ᠤ ᠦᠨᠳ᠋ᠦᠰᠦᠳ᠋ᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠵᠤ᠂ 《ᠲᠦ᠋ᠷᠢᠮ》 ᠤᠨ ᠤᠬᠠᠭᠠᠤᠯᠤᠨ ᠲᠤᠭᠤᠰᠢᠯᠠᠭᠤᠯᠬᠤ ᠡᠷᠴᠢᠮ ᠶᠢᠡᠨ ᠤᠯᠠᠮ ᠨᠢᠭᠡ ᠠᠯᠬᠤᠮ ᠴᠢᠩᠭ᠋ᠠᠷᠠᠭᠤᠯᠤᠨ᠂ ᠠᠷᠭ᠎ᠠ ᠠᠪᠴᠡᠯ ᠶᠢᠡᠨ ᠨᠠᠷᠢᠯᠢᠭᠵᠢᠭᠤᠯᠵᠤ᠂ ᠨᠡᠩ ᠰᠠᠢ᠌ᠨ ᠶᠢᠡᠷ ᠲᠠᠷᠢᠬᠢ ᠲᠤᠯᠤᠭᠠᠢ ᠪᠠᠨ ᠵᠡᠪᠰᠡᠭᠯᠡᠨ᠂ ᠦᠢᠯᠡᠳ᠋ᠦᠯᠭᠡ ᠪᠠᠨ ᠵᠢᠯᠤᠭᠤᠳ᠋ᠤᠭᠤᠯᠵᠤ᠂ ᠪᠦᠬᠦ ᠬᠤᠰᠢᠭᠤᠨ ᠤ ᠦᠨᠳ᠋ᠦᠰᠦᠳ᠋ᠡᠨ ᠤ ᠠᠵᠢᠯ ᠤᠨ ᠴᠢᠨᠠᠷ ᠰᠠᠢ᠌ᠳ᠋ᠠᠢ ᠭᠦᠭ᠍ᠵᠢᠯᠳ᠋ᠡ ᠶᠢ ᠠᠬᠢᠭᠤᠯᠬᠤ ᠬᠡᠷᠡᠭ᠍ᠳ᠋ᠠᠢ ᠭᠡᠵᠦ ᠵᠢᠭᠠᠵᠤ ᠭᠠᠷᠭᠠᠪᠠ᠃ (ᠨᠠᠢ᠌ᠷᠠᠭᠤᠯᠤᠭᠴᠢ᠄ ᠯᠸᠢ ᠫᠠᠩ)