ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠢᠭᠤᠴᠠ ᠶᠢ ᠬᠠᠮᠠᠭᠠᠯᠠᠬᠤ ᠠᠵᠢᠯ ᠤᠨ 《ᠦᠨᠳ᠋ᠦᠰᠦᠨ ᠱᠠᠳ᠋ᠤᠨ ᠤ ᠰᠠᠭᠤᠷᠢ ᠵᠠᠰᠠᠯᠳ᠋ᠠ ᠶᠢ ᠲᠡᠭᠡᠭ᠍ᠰᠢᠯᠡᠭᠦᠯᠬᠦ ᠤᠨ》 ᠤ ᠠᠵᠢᠯᠯᠠᠭ᠎ᠠ ᠶᠢᠨ ᠲᠤᠰᠬᠠᠢ ᠰᠡᠳ᠋ᠦᠪᠳ᠋ᠦ ᠬᠤᠷᠠᠯ ᠬᠤᠷᠠᠯᠳ᠋ᠤᠪᠠ

    5 ᠰᠠᠷ᠎ᠠ ᠶᠢᠨ 27 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠪᠦᠬᠦ ᠺᠠᠳ᠋ᠷ ᠠᠵᠢᠯᠳ᠋ᠡᠳ ᠢ ᠵᠤᠬᠢᠶᠠᠨ ᠪᠠᠢ᠌ᠭᠤᠯᠵᠤ ᠨᠢᠭᠤᠴᠠ ᠶᠢ ᠬᠠᠮᠠᠭᠠᠯᠠᠬᠤ ᠠᠵᠢᠯ ᠤᠨ 《ᠦᠨᠳ᠋ᠦᠰᠦᠨ ᠱᠠᠳ᠋ᠤᠨ ᠤ ᠰᠠᠭᠤᠷᠢ ᠵᠠᠰᠠᠯᠳ᠋ᠠ ᠶᠢ ᠲᠡᠭᠡᠭ᠍ᠰᠢᠯᠡᠭᠦᠯᠬᠦ ᠤᠨ》 ᠤ ᠠᠵᠢᠯᠯᠠᠭ᠎ᠠ ᠶᠢᠨ ᠲᠤᠰᠬᠠᠢ ᠰᠡᠳ᠋ᠦᠪᠳ᠋ᠦ ᠬᠤᠷᠠᠯ ᠬᠤᠷᠠᠯᠳ᠋ᠤᠭᠤᠯᠤᠭᠰᠠᠨ ᠪᠦᠭᠡᠳ 《ᠨᠠᠮ ᠤᠨ ᠭᠡᠰᠢᠭᠦᠨ ᠺᠠᠳ᠋ᠷ ᠤᠨ ᠨᠢᠭᠤᠴᠠ ᠶᠢ ᠬᠠᠮᠠᠭᠠᠯᠠᠬᠤ ᠠᠵᠢᠯᠯᠠᠭ᠎ᠠ ᠶᠢᠨ ᠭᠠᠷ ᠲᠡᠪᠳ᠋ᠡᠷ》 ᠤᠨ ᠠᠭᠤᠯᠭ᠎ᠠ ᠶᠢ ᠲᠦ᠋ᠪᠯᠡᠷᠡᠭᠦᠯᠦᠨ ᠰᠤᠷᠤᠯᠴᠠᠵᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠤᠤ ᠯᠦ᠋ᠩ ᠬᠤᠷᠠᠯ ᠳᠤ ᠤᠷᠤᠯᠴᠠᠪᠠ᠃ ᠬᠤᠷᠠᠯ ᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠡᠷᠬᠢᠯᠡᠪᠡ᠃
              
            ᠬᠤᠷᠠᠯ ᠲᠡᠭᠡᠷ᠎ᠠ᠂ ᠯᠢ ᠴᠸᠩ ᠭᠦᠸᠸ ᠡᠴᠡ 《ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠨᠢᠭᠤᠴᠠ ᠶᠢ ᠬᠠᠮᠠᠭᠠᠯᠠᠬᠤ ᠵᠦ᠋ᠪᠯᠡᠯ ᠤᠨ ᠨᠢᠭᠤᠴᠠ ᠶᠢ ᠬᠠᠮᠠᠭᠠᠯᠠᠬᠤ ᠠᠵᠢᠯ ᠤᠨ 〈ᠦᠨᠳ᠋ᠦᠰᠦᠨ ᠱᠠᠳ᠋ᠤᠨ ᠤ ᠰᠠᠭᠤᠷᠢ ᠵᠠᠰᠠᠯᠳ᠋ᠠ ᠶᠢ ᠲᠡᠭᠡᠭ᠍ᠰᠢᠯᠡᠭᠦᠯᠬᠦ ᠤᠨ〉 ᠤ ᠠᠵᠢᠯᠯᠠᠭ᠎ᠠ ᠶᠢᠨ ᠬᠡᠷᠡᠭ᠍ᠵᠢᠭᠦᠯᠬᠦ ᠲᠦ᠋ᠰᠦᠯ》 ᠢ ᠤᠯᠠᠮᠵᠢᠯᠡᠨ  ᠲᠠᠷᠬᠠᠭᠠᠵᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠢᠭᠤᠴᠠ ᠶᠢ ᠬᠠᠮᠠᠭᠠᠯᠠᠬᠤ ᠠᠵᠢᠯ ᠤᠨ 《ᠦᠨᠳ᠋ᠦᠰᠦᠨ ᠱᠠᠳ᠋ᠤᠨ ᠤ ᠰᠠᠭᠤᠷᠢ ᠵᠠᠰᠠᠯᠳ᠋ᠠ ᠶᠢ ᠲᠡᠭᠡᠭ᠍ᠰᠢᠯᠡᠭᠦᠯᠬᠦ ᠤᠨ》 ᠤ ᠠᠵᠢᠯᠯᠠᠭ᠎ᠠ ᠶᠢᠨ ᠬᠡᠷᠡᠭ᠍ᠵᠢᠭᠦᠯᠬᠦ ᠲᠦ᠋ᠰᠦᠯ ᠢ ᠰᠤᠳ᠋ᠤᠯᠤᠨ ᠲᠤᠭᠳ᠋ᠠᠭᠠᠭᠰᠠᠨ ᠪᠦᠭᠡᠳ ᠤᠳ᠋ᠤᠷᠢᠳᠬᠤ ᠠᠵᠢᠯ ᠤᠨ ᠪᠠᠭ᠎ᠠ ᠲᠤᠭᠤᠢ᠌ᠯᠠᠩ ᠢ ᠪᠠᠢ᠌ᠭᠤᠯᠪᠠ᠃

        

    ᠬᠤᠷᠠᠯ ᠲᠡᠭᠡᠷ᠎ᠠ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠵᠠᠷᠤᠳ ᠬᠤᠰᠢᠭᠤᠨ ᠤ ᠰᠠᠬᠢᠯᠭ᠎ᠠ ᠪᠠᠳ᠋ᠤ ᠪᠠᠢ᠌ᠴᠠᠭᠠᠬᠤ ᠬᠤᠷᠢᠶᠠᠨ ᠤ 《ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠳᠤ  ᠬᠢᠨᠠᠯᠲᠠ ᠲᠠᠯᠪᠢᠬᠤ ᠠᠵᠢᠯ ᠤᠨ ᠰᠠᠨᠠᠭᠤᠯᠤᠮᠵᠢ》 《ᠸᠠᠩ ᠭᠦᠸᠸ ᠭᠦᠢ ᠵᠡᠷᠭᠡ 10 ᠨᠦ᠋ᠬᠦᠷ ᠢ ᠪᠦᠬᠦ ᠬᠤᠰᠢᠭᠤᠨ ᠤ ᠨᠠᠮ ᠤᠨ ᠰᠤᠷᠳ᠋ᠠᠯ ᠵᠠᠰᠠᠭ ᠤᠨ ᠰᠤᠷᠳ᠋ᠠᠯ ᠤᠨ ᠨᠡᠢ᠌ᠭᠡᠮ ᠤᠨ ᠬᠢᠨᠠᠯᠳ᠋ᠠ ᠲᠠᠯᠪᠢᠭᠴᠢ ᠪᠠᠷ ᠤᠷᠢᠬᠤ ᠲᠤᠬᠠᠢ ᠮᠡᠳ᠋ᠡᠭ᠍ᠳ᠋ᠡᠯ》 《ᠲᠤᠯᠤᠳ᠋ᠤ ᠰᠤᠮᠤ ᠶᠢᠨ ᠵᠠᠰᠠᠭ ᠤᠨ ᠤᠷᠳ᠋ᠤᠨ ᠤ ᠺᠠᠳ᠋ᠷ ᠰᠤᠷᠳ᠋ᠠᠯᠳ᠋ᠤ ᠠᠯᠪᠠᠨ ᠤ ᠵᠤᠭᠤᠰ ᠢ ᠨᠡᠭᠦᠯᠭᠡᠨ ᠬᠡᠷᠡᠭᠯᠡᠵᠦ ᠰᠠᠬᠢᠯᠭ᠎ᠠ ᠪᠠᠳ᠋ᠤ ᠬᠠᠦᠯᠢ ᠴᠠᠭᠠᠵᠠ ᠶᠢ ᠬᠦᠨᠳ᠋ᠦ ᠨᠤᠴᠢᠳ᠋ᠠᠢ ᠵᠦ᠋ᠷᠢᠴᠡᠭ᠍ᠰᠡᠨ ᠨᠡᠢ᠌ᠳ᠋ᠡᠯᠢᠭ᠌ ᠬᠡᠷᠡᠭ᠌ ᠤᠨ ᠵᠢᠱᠢᠶ᠎ᠠ ᠶᠢᠨ ᠲᠤᠬᠠᠢ ᠵᠠᠷᠯᠠᠯ》 ᠢ ᠤᠯᠠᠮᠵᠢᠯᠡᠨ ᠮᠡᠳ᠋ᠡᠭ᠍ᠳ᠋ᠡᠪᠡ᠃
              

    ᠬᠤᠷᠠᠯ ᠲᠡᠭᠡᠷ᠎ᠠ ᠪᠠᠰᠠ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠲᠤᠳ᠋ᠤᠭᠠᠳ᠋ᠤ ᠶᠢᠨ ᠤᠯᠤᠰ ᠲᠦ᠋ᠷᠦ ᠶᠢᠨ ᠠᠮᠢᠳ᠋ᠤᠷᠠᠯ ᠢ ᠴᠢᠩᠭ᠋ᠠᠳᠬᠠᠬᠤ ᠮᠡᠳ᠋ᠡᠯᠭᠡ ᠶᠢᠨ ᠰᠢᠯᠭᠠᠯᠳ᠋ᠠ ᠬᠢᠪᠡ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠲᠦ᠋ᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳ᠋ᠤᠭᠤᠯᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠲᠦ᠋ᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳ᠋ᠤᠪᠠ