ᠰᠢᠶᠠᠩᠱᠠᠨ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠶᠢᠨ ᠠᠵᠢᠯ ᠦᠷᠨᠢᠭᠦᠯᠪᠡ

5 ᠰᠠᠷ᠎ᠠ ᠶᠢᠨ 24 ᠤ ᠡᠳ᠋ᠦᠷ᠂ ᠰᠢᠶᠠᠩᠱᠠᠨ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ ᠡᠴᠡ ᠬᠤᠳ᠋ᠠ ᠬᠤᠰᠢᠭᠤ ᠪᠠᠯᠭᠠᠰᠤ ᠭᠤᠷᠪᠠᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠶᠡᠷᠦᠩᠬᠡᠢ᠌ᠯᠡᠭ᠍ᠰᠡᠨ ᠵᠠᠰᠠᠭ ᠵᠠᠬᠢᠷᠭᠠᠨ ᠤ ᠬᠠᠦᠯᠢ ᠬᠡᠷᠡᠭ᠍ᠵᠢᠭᠦᠯᠬᠦ ᠲᠤᠪᠴᠢᠶ᠎ᠠ᠂ ᠲᠤᠮᠢᠯᠠᠭᠰᠠᠨ ᠰᠠᠯᠪᠤᠷᠢ ᠵᠡᠷᠭᠡ ᠰᠠᠯᠠᠭ᠎ᠠ ᠮᠦ᠋ᠴᠢᠷ ᠲᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠦᠷᠨᠢᠭᠦᠯᠦᠨ᠂ ᠲᠤᠬᠠᠢ ᠶᠢᠨ ᠲᠠᠯᠠᠪᠤᠷ ᠲᠤᠨᠢ ᠪᠠᠢ᠌ᠴᠠᠭᠠᠬᠤ᠂ ᠲᠠᠩᠰᠠ ᠡᠪᠬᠡᠮᠡᠯ ᠤᠨ ᠮᠠᠲ᠋ᠸᠷᠢᠶᠠᠯ ᠢ ᠪᠠᠢ᠌ᠴᠠᠭᠠᠨ ᠦᠵᠡᠬᠦ ᠵᠢᠴᠢ ᠰᠠᠭᠤᠳ᠋ᠠᠯ ᠤᠨ ᠬᠤᠷᠠᠯ ᠬᠤᠷᠠᠯᠳ᠋ᠤᠭᠤᠯᠬᠤ ᠬᠡᠯᠪᠡᠷᠢ ᠪᠡᠷ ᠪᠠᠢ᠌ᠴᠠᠭᠠᠯᠳ᠋ᠠ ᠬᠢᠪᠡ᠃ (ᠨᠠᠢ᠌ᠷᠠᠭᠤᠯᠤᠭᠴᠢ᠄ ᠯᠸᠢ ᠫᠠᠩ)