ᠰᠢᠶᠠᠩᠱᠠᠨ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢᠯ ᠢ ᠲᠤᠰᠬᠠᠢ ᠪᠠᠢ᠌ᠴᠠᠭᠠᠨ ᠦᠵᠡᠬᠦ ᠠᠵᠢᠯ ᠥᠷᠨᠢᠭᠦᠯᠪᠡ


ᠤᠢ᠌ᠷ᠎ᠠ ᠳᠤ᠂ ᠰᠢᠶᠠᠩᠱᠠᠨ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ ᠬᠤᠳ᠋ᠠ ᠬᠤᠰᠢᠭᠤ ᠪᠠᠯᠭᠠᠰᠤ ᠭᠤᠷᠪᠠᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ᠂ ᠡᠾᠸ ᠳ᠋ᠦ᠋ᠩ ᠲᠤᠰᠬᠤᠨ ᠤ ᠬᠤᠶᠠᠷ ᠬᠡᠰᠡᠭ᠌ ᠤᠨ ᠱᠦ᠋ᠢᠨᠢ ᠵᠠᠮ ᠢ ᠵᠠᠰᠠᠨ ᠰᠡᠯᠪᠢᠬᠦ ᠲᠦ᠋ᠷᠦᠯ ᠵᠦ᠋ᠢᠯ ᠤᠨ ᠪᠠᠷᠢᠯᠭ᠎ᠠ ᠶᠢᠨ ᠠᠬᠢᠴᠠ᠂ ᠤᠷᠤᠰᠢᠵᠤ ᠪᠠᠢ᠌ᠬᠤ ᠠᠰᠠᠭᠤᠳ᠋ᠠᠯ ᠪᠠ ᠪᠠᠷᠢᠯᠭ᠎ᠠ ᠶᠢᠨ ᠠᠵᠢᠯ ᠲᠠᠭᠤᠰᠬᠤ ᠴᠠᠭ ᠢ ᠪᠦᠬᠦ ᠲᠠᠯ᠎ᠠ ᠪᠠᠷ ᠤᠢ᠌ᠯᠠᠭᠠᠪᠠ᠃ (ᠨᠠᠢ᠌ᠷᠠᠭᠤᠯᠤᠭᠴᠢ᠄ ᠯᠸᠢ ᠫᠠᠩ)