ᠯᠦ᠋ᠪᠸᠢ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠷᠴᠢᠨ ᠲᠤᠭᠤᠷᠢᠨ ᠡᠷᠡᠭᠦᠯ ᠬᠠᠮᠠᠭᠠᠯᠠᠯ ᠢ ᠴᠡᠭ᠍ᠴᠡᠯᠡᠨ ᠵᠠᠰᠠᠬᠤ ᠠᠵᠢᠯ ᠳᠤ ᠬᠦᠴᠦᠨ ᠨᠡᠮᠡᠷᠢᠯᠡᠵᠦ ᠪᠠᠢ᠌ᠭ᠎ᠠ

ᠬᠦᠳ᠋ᠡᠭᠡ ᠲᠤᠰᠬᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠤᠯᠠᠮ ᠨᠢᠭᠡ ᠠᠯᠬᠤᠮ ᠪᠡᠬᠢᠵᠢᠭᠦᠯᠦᠨ ᠲᠡᠭᠡᠭ᠍ᠰᠢᠯᠡᠭᠦᠯᠬᠦ ᠶᠢᠨ ᠲᠦ᠋ᠯᠦᠭᠡ᠂ 5 ᠰᠠᠷ᠎ᠠ ᠶᠢᠨ 15 ᠤ ᠡᠳ᠋ᠦᠷ ᠡᠴᠡ 16 ᠤ ᠡᠳ᠋ᠦᠷ ᠪᠤᠯᠳ᠋ᠠᠯ᠎ᠠ᠂ ᠯᠦ᠋ᠪᠸᠢ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ ᠡᠴᠡ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ᠂ ᠬᠦᠳ᠋ᠡᠭᠡ ᠲᠤᠰᠬᠤᠨ ᠤ ᠤᠷᠴᠢᠨ ᠲᠤᠭᠤᠷᠢᠨ ᠡᠷᠡᠭᠦᠯ ᠬᠠᠮᠠᠭᠠᠯᠠᠯ ᠢ ᠴᠡᠭ᠍ᠴᠡᠯᠡᠨ ᠵᠠᠰᠠᠬᠤ ᠠᠵᠢᠯᠯᠠᠭ᠎ᠠ ᠳᠤ ᠢᠳ᠋ᠡᠪᠬᠢᠳ᠋ᠠᠢ ᠤᠷᠤᠯᠴᠠᠨ᠂ ᠲᠦ᠋ᠯᠦᠭᠡᠯᠡᠭ᠍ᠴᠢᠳ ᠤᠨ ᠬᠦᠳ᠋ᠦᠯᠦᠨ ᠲᠠᠭᠠᠭᠤᠯᠬᠤ ᠵᠢᠱᠢᠶ᠎ᠠ ᠦᠵᠡᠭᠦᠯᠬᠦ ᠦᠢᠯᠡᠳ᠋ᠦᠯ ᠢ ᠭᠦᠢᠴᠡᠳ ᠪᠠᠳ᠋ᠠᠷᠠᠭᠤᠯᠪᠠ᠃ (ᠨᠠᠢ᠌ᠷᠠᠭᠤᠯᠤᠭᠴᠢ᠄ ᠯᠸᠢ ᠫᠠᠩ)