ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠳ᠋ᠠᠯᠳ᠋ᠤᠭᠠᠴᠢᠨ ᠤᠷᠢᠬᠤ ᠲᠤᠭᠤᠢ᠌ᠯᠠᠩ ᠱᠠᠨᠳ᠋ᠦ᠋ᠩ ᠮᠤᠵᠢ ᠾᠪᠸᠢ ᠮᠤᠵᠢ ᠳᠤ ᠬᠦᠷᠴᠦ ᠬᠤᠳ᠋ᠠᠯᠳ᠋ᠤᠭᠠᠴᠢᠨ ᠤᠷᠢᠵᠤ ᠪᠡᠯᠡ ᠤᠷᠤᠭᠤᠯᠬᠤ ᠠᠵᠢᠯ ᠦᠷᠨᠢᠭᠦᠯᠪᠡ




5 ᠰᠠᠷ᠎ᠠ ᠶᠢᠨ 25 ᠤ ᠡᠳ᠋ᠦᠷ ᠡᠴᠡ 29 ᠤ ᠡᠳ᠋ᠦᠷ ᠪᠤᠯᠳ᠋ᠠᠯ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠲᠤᠭᠤᠢ᠌ᠯᠠᠩ ᠲᠠᠭᠠᠭᠤᠯᠤᠨ ᠱᠠᠨᠳ᠋ᠦ᠋ᠩ ᠮᠤᠵᠢ᠂ ᠾᠪᠸᠢ ᠮᠤᠵᠢ ᠵᠡᠷᠭᠡ ᠭᠠᠵᠠᠷ ᠲᠤ ᠬᠦᠷᠴᠦ ᠬᠤᠳ᠋ᠠᠯᠳ᠋ᠤᠭᠠᠴᠢᠨ ᠤᠷᠢᠵᠤ ᠪᠡᠯᠡ ᠤᠷᠤᠭᠤᠯᠬᠤ ᠠᠵᠢᠯ ᠦᠷᠨᠢᠭᠦᠯᠪᠡ᠃ ᠬᠤᠰᠢᠭᠤᠨ ᠤ ᠤᠷᠤᠨ ᠪᠦᠰᠡ ᠶᠢᠨ ᠠᠵᠤ ᠠᠬᠤᠢ ᠶᠢᠨ ᠬᠠᠮᠳ᠋ᠤᠷᠠᠯᠴᠠᠭᠠᠨ ᠤ ᠦᠢᠯᠡᠴᠢᠯᠡᠭᠡᠨ ᠤ ᠲᠦ᠋ᠪ ᠤᠨ ᠬᠠᠷᠢᠭᠤᠴᠠᠯᠭᠠᠳ᠋ᠠᠨ ᠪᠠ ᠬᠡᠰᠡᠭ᠌ ᠬᠤᠳ᠋ᠠ ᠶᠢᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠷᠤᠯᠴᠠᠪᠠ᠃

ᠬᠤᠳ᠋ᠠᠯᠳ᠋ᠤᠭᠠᠴᠢᠨ ᠤᠷᠢᠵᠤ ᠪᠡᠯᠨ ᠤᠷᠤᠭᠤᠯᠬᠤ ᠲᠤᠭᠤᠢ᠌ᠯᠠᠩ ᠤᠨ ᠬᠢᠨ ᠠᠵᠦ ᠦᠢᠯᠡᠳᠪᠦᠷᠢ ᠳ᠋ᠦ ᠭᠦᠨᠵᠡᠭᠡᠢ᠌ᠷᠡᠵᠦ᠂ ᠠᠵᠦ ᠠᠬᠤᠢ᠌ᠯᠠᠯᠲᠠᠨ ᠲᠡᠶ ᠶᠠᠷᠢᠯᠴᠠᠨ᠂ ᠠᠵᠤ ᠦᠢᠯᠡᠰ ᠤᠨ ᠲᠦ᠋ᠷᠦᠯ ᠵᠦ᠋ᠢᠯ ᠤᠨ ᠲᠤᠬᠠᠢ ᠵᠦ᠋ᠪᠳ᠋ᠡᠯᠴᠡᠭᠡ ᠬᠢᠵᠦ᠂ ᠵᠠᠷᠤᠳ ᠬᠤᠰᠢᠭᠤᠨ ᠤ ᠬᠤᠳ᠋ᠠᠯᠳ᠋ᠤᠭ᠎ᠠ ᠡᠵᠡᠩᠨᠡᠬᠦ ᠤᠷᠴᠢᠨ ᠠᠬᠤᠢ ᠶᠢ ᠤᠬᠠᠭᠤᠯᠤᠨ ᠲᠠᠨᠢᠯᠴᠠᠭᠤᠯᠵᠦ᠂ ᠠᠵᠤ ᠠᠬᠤᠢ᠌ᠯᠠᠯ ᠢ ᠵᠠᠷᠤᠳ ᠬᠤᠰᠢᠭᠤᠨ ᠳᠤ ᠢᠷᠡᠵᠦ ᠪᠠᠢ᠌ᠴᠠᠭᠠᠨ ᠦᠵᠡᠬᠦ ᠶᠢ ᠴᠢᠩ ᠰᠡᠳᠬᠢᠯ ᠡᠴᠨ ᠪᠠᠨ ᠤᠷᠢᠪᠠ᠃ (ᠨᠠᠢ᠌ᠷᠠᠭᠤᠯᠤᠭᠴᠢ᠄ ᠯᠸᠢ ᠫᠠᠩ)