ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠤᠤ ᠯᠦ᠋ᠩ ᠨᠡᠷ ᠪᠦᠬᠦ ᠬᠤᠰᠢᠭᠤᠨ ᠤ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠢ ᠪᠠᠢ᠌ᠴᠠᠭᠠᠨ ᠵᠢᠯᠤᠭᠤᠳᠪᠠ

ᠤᠢ᠌ᠷ᠎ᠠ ᠳᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠤᠤ ᠯᠦ᠋ᠩ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠠᠮᠢᠶ᠎ᠠ ᠪᠦᠬᠦᠢ ᠠᠵᠢᠯ ᠤᠨ ᠵᠦ᠋ᠪᠯᠡᠯ ᠤᠨ ᠬᠠᠷᠢᠭᠤᠴᠠᠯᠭᠠᠳ᠋ᠠᠨ ᠢ ᠲᠠᠭᠠᠭᠤᠯᠤᠨ ᠪᠦᠬᠦ ᠬᠤᠰᠢᠭᠤᠨ ᠤ 15 ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠢ ᠪᠠᠢ᠌ᠴᠠᠭᠠᠨ ᠵᠢᠯᠤᠭᠤᠳᠪᠠ᠃

ᠪᠠᠢ᠌ᠴᠠᠭᠠᠨ ᠵᠢᠯᠤᠭᠤᠳᠬᠤ ᠲᠤᠭᠤᠢ᠌ᠯᠠᠩ ᠤᠨ ᠬᠢᠨ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ᠂ ᠮᠠᠲ᠋ᠸᠷᠢᠶᠠᠯ ᠪᠠᠢ᠌ᠴᠠᠭᠠᠬᠤ᠂ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ ᠵᠡᠷᠭᠡ ᠬᠡᠯᠪᠡᠷᠢ ᠪᠠᠷ ᠲᠠᠮᠵᠢᠨ᠂ ᠰᠤᠮᠤ ᠪᠠᠯᠭᠠᠰᠤᠨ ᠤ 《ᠠᠷᠠᠳ ᠤᠨ ᠲᠦ᠋ᠯᠦᠭᠡᠯᠡᠭ᠍ᠴᠢᠳ ᠤᠨ ᠭᠡᠷ ᠪᠦᠯᠢ》 ᠶᠢᠨ ᠪᠦᠳ᠋ᠦᠭᠡᠨ ᠪᠠᠢ᠌ᠭᠤᠯᠤᠯᠳ᠋ᠠ᠂ ᠠᠷᠠᠳ ᠤᠨ ᠲᠦ᠋ᠯᠦᠭᠡᠯᠡᠭ᠍ᠴᠢᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠦ ᠵᠢᠴᠢ ᠲᠠᠩᠰᠠ ᠡᠪᠬᠡᠮᠡᠯ ᠤᠨ ᠬᠠᠮᠢᠶᠠᠷᠤᠯᠳ᠋ᠠ᠂ ᠠᠷᠠᠳ ᠤᠨ ᠠᠮᠢᠳ᠋ᠤᠷᠠᠯ ᠤᠨ ᠪᠤᠳ᠋ᠠᠳ᠋ᠤ ᠬᠡᠷᠡᠭ᠌ ᠤᠨ ᠲᠦ᠋ᠷᠦᠯ ᠵᠦ᠋ᠢᠯ ᠢ ᠪᠢᠯᠸᠲ ᠦᠭ᠍ᠴᠦ ᠪᠠᠳ᠋ᠤᠯᠠᠬᠤ ᠠᠵᠢᠯ᠂ ᠲᠦ᠋ᠯᠦᠭᠡᠯᠡᠭ᠍ᠴᠢᠳ ᠤᠨ ᠪᠤᠯᠪᠠᠰᠤᠷᠠᠯ ᠵᠡᠷᠭᠡ ᠲᠠᠯ᠎ᠠ ᠶᠢᠨ ᠠᠵᠢᠯ ᠢ ᠭᠦᠨᠵᠡᠭᠡᠢ ᠤᠢ᠌ᠯᠠᠭᠠᠭᠰᠠᠨ ᠪᠦᠭᠡᠳ ᠢᠯᠡᠷᠡᠭᠦᠯᠦᠭ᠍ᠰᠡᠨ ᠠᠰᠠᠭᠤᠳ᠋ᠠᠯ ᠪᠠ ᠬᠦᠷᠦᠯᠴᠡᠬᠦ ᠦᠭᠡᠶ ᠲᠠᠯ᠎ᠠ ᠳᠤ ᠬᠠᠨᠳ᠋ᠤᠯᠭᠠᠳ᠋ᠤ ᠴᠢᠨᠠᠷᠳ᠋ᠠᠢ ᠴᠡᠭ᠍ᠴᠡᠯᠡᠨ ᠰᠠᠢ᠌ᠵᠢᠷᠠᠭᠤᠯᠬᠤ ᠰᠠᠨᠠᠯ ᠰᠠᠨᠠᠭᠤᠯᠭ᠎ᠠ ᠲᠤᠷᠠᠳᠪᠠ᠃ (ᠨᠠᠢ᠌ᠷᠠᠭᠤᠯᠤᠭᠴᠢ᠄ ᠯᠸᠢ ᠫᠠᠩ)