ᠠᠷᠠᠳ ᠤᠨ ᠲᠦ᠋ᠯᠦᠭᠡᠯᠡᠭ᠍ᠴᠢᠳ ᠨᠠᠰᠤᠳ᠋ᠠᠨ ᠤ ᠠᠰᠠᠷᠠᠮᠵᠢ ᠶᠢᠨ ᠮᠦ᠋ᠩᠬᠦ ᠶᠢᠨ ᠮᠡᠬᠡᠯᠡᠯ ᠢ ᠡᠰᠡᠷᠭᠦᠴᠡᠬᠦ 《ᠤᠬᠠᠭᠤᠯᠤᠭᠴᠢ》 ᠪᠤᠯᠪᠠ

ᠨᠠᠰᠤᠳ᠋ᠠᠨ ᠤ ᠠᠰᠠᠷᠠᠮᠵᠢ ᠶᠢᠨ ᠮᠦ᠋ᠩᠭᠦ ᠶᠢᠨ ᠮᠡᠬᠡᠯᠡᠯ ᠳᠤ ᠴᠤᠬᠢᠯᠳ᠋ᠠ ᠦᠭ᠍ᠴᠦ ᠴᠡᠭ᠍ᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠦᠨ᠂ ᠨᠠᠰᠤᠳ᠋ᠠᠢ᠌ᠴᠤᠳ ᠤᠨ ᠮᠡᠬᠡᠯᠡᠭ᠍ᠳ᠋ᠡᠬᠦ ᠡᠴᠡ ᠰᠡᠷᠭᠡᠢ᠌ᠯᠡᠬᠦ ᠤᠬᠠᠮᠰᠡᠷ ᠢ ᠲᠡᠭᠡᠭ᠍ᠰᠢᠯᠡᠭᠦᠯᠬᠦ ᠶᠢᠨ ᠲᠦ᠋ᠯᠦᠭᠡ᠂ 6 ᠰᠠᠷ᠎ᠠ ᠶᠢᠨ 1 ᠤ ᠡᠳ᠋ᠦᠷ᠂ ᠭᠠᠬᠠᠢ᠌ᠳ᠋ᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ ᠬᠠᠷᠢᠶᠠᠳ᠋ᠤ ᠤᠷᠤᠨ ᠤ ᠪᠠᠨ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠪᠦᠬᠦ ᠪᠠᠯᠭᠠᠰᠤᠨ ᠤ ᠬᠡᠪᠴᠢᠶᠡᠨ ᠳᠤ ᠨᠠᠰᠤᠳ᠋ᠠᠨ ᠤ ᠠᠰᠠᠷᠠᠮᠵᠢ ᠶᠢᠨ ᠮᠦ᠋ᠩᠭᠦ ᠶᠢᠨ ᠮᠡᠬᠡᠯᠡᠯ ᠢ ᠰᠡᠷᠭᠡᠢ᠌ᠯᠡᠬᠦ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ᠃ (ᠨᠠᠢ᠌ᠷᠠᠭᠤᠯᠤᠭᠴᠢ᠄ ᠯᠸᠢ ᠫᠠᠩ)