ᠦᠨᠳ᠋ᠦᠰᠦᠳ᠋ᠡᠨ ᠤ ᠪᠦᠯᠬᠦᠮᠳ᠋ᠡᠯ ᠳᠤ ᠬᠦᠴᠦᠨ ᠨᠡᠮᠡᠷᠢᠯᠡᠵᠦ᠂ ᠠᠷᠠᠳ ᠤᠨ ᠲᠦ᠋ᠯᠦᠭᠡᠯᠡᠭ᠍ᠴᠢ ᠶᠢᠨ ᠦᠢᠯᠡᠳ᠋ᠦᠯ ᠶᠢᠡᠨ ᠪᠠᠳ᠋ᠠᠷᠠᠭᠤᠯᠤᠶᠠ

ᠰᠢᠨ᠎ᠠ ᠴᠠᠭ ᠦᠶ᠎ᠠ ᠶᠢᠨ ᠨᠠᠮ ᠤᠨ ᠦᠨᠳ᠋ᠦᠰᠦᠳ᠋ᠡᠨ ᠤ ᠠᠵᠢᠯ ᠤᠨ ᠴᠢᠬᠤᠯᠠ ᠦᠵᠡᠯ ᠰᠠᠨᠠᠭ᠎ᠠ ᠶᠢ ᠲᠤᠭᠤᠰᠢᠯᠠᠭᠤᠯᠤᠨ᠂ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢᠨ ᠬᠦᠮᠦᠵᠢᠯ ᠢ ᠭᠦᠨᠵᠡᠭᠡᠢ᠌ᠷᠡᠭᠦᠯᠬᠦ ᠳᠤ ᠬᠦᠴᠦᠨ ᠨᠡᠮᠡᠷᠢᠯᠡᠬᠦ ᠶᠢᠨ ᠲᠦ᠋ᠯᠦᠭᠡ᠂ ᠤᠢ᠌ᠷ᠎ᠠ ᠳᠤ᠂ ᠯᠦ᠋ᠪᠸᠢ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ ᠡᠭᠦᠷᠭᠡ ᠴᠢᠳ᠋ᠠᠪᠬᠢ ᠶᠢᠨ ᠦᠢᠯᠡᠳ᠋ᠦᠯ ᠶᠢᠡᠨ ᠭᠦᠢᠴᠡᠳ ᠪᠠᠳ᠋ᠠᠷᠠᠭᠤᠯᠤᠨ᠂ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢᠨ ᠤᠬᠠᠭᠤᠯᠭ᠎ᠠ ᠶᠢᠨ ᠰᠠᠷ᠎ᠠ ᠶᠢᠨ ᠰᠢᠷᠢᠰ ᠠᠵᠢᠯᠯᠠᠭ᠎ᠠ ᠶᠢ ᠦᠷᠨᠢᠭᠦᠯᠵᠦ᠂ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ᠂ ᠨᠡᠢ᠌ᠭᠡᠮ ᠤᠨ ᠡᠶ᠎ᠠ ᠵᠤᠬᠢᠴᠡᠯ ᠲᠤᠭᠳ᠋ᠠᠭᠤᠨ ᠪᠠᠢ᠌ᠳ᠋ᠠᠯ ᠢ ᠠᠬᠢᠭᠤᠯᠬᠤ ᠳᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠦᠴᠦᠨ ᠴᠢᠳ᠋ᠠᠯ ᠶᠢᠡᠨ ᠡᠷᠭᠦᠵᠦ ᠪᠠᠢ᠌ᠨ᠎ᠠ᠃
ᠯᠦ᠋ᠪᠸᠢ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠡᠭᠦᠷᠭᠡ ᠴᠢᠳ᠋ᠠᠪᠬᠢ ᠶᠢᠨ ᠦᠢᠯᠡᠳ᠋ᠦᠯ ᠶᠢᠡᠨ ᠦᠷᠭᠦᠯᠵᠢᠯᠡᠨ ᠪᠠᠳ᠋ᠠᠷᠠᠭᠤᠯᠵᠤ᠂ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠰᠤᠷᠤᠯᠴᠠᠯᠭ᠎ᠠ ᠶᠢᠨ ᠲᠠᠪᠴᠠᠩ ᠪᠠᠢ᠌ᠭᠤᠯᠤᠨ᠂ ᠤᠯᠠᠨ ᠶᠠᠩᠵᠤ ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠵᠦ᠂ ᠡᠯ᠎ᠠ ᠦᠨᠳ᠋ᠦᠰᠦᠳ᠋ᠡᠨ ᠤ ᠬᠦᠪᠡᠭᠦᠳ ᠦᠬᠢᠳ ᠤᠨ ᠰᠢᠨ᠎ᠠ ᠴᠠᠭ ᠦᠶ᠎ᠠ ᠶᠢᠨ ᠲᠠᠯ᠎ᠠ ᠨᠤᠳ᠋ᠤᠭ ᠤᠨ ᠦᠯᠢᠭᠡᠷ ᠢ ᠰᠠᠢ᠌ᠳ᠋ᠤᠷ ᠶᠠᠷᠢᠵᠤ᠂ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢᠨ ᠬᠦᠴᠦᠷᠭᠡᠭ᠌ ᠶᠡᠬᠡ ᠬᠦᠴᠦᠨ ᠢ ᠤᠯᠠᠮ ᠨᠢᠭᠡ ᠠᠯᠬᠤᠮ ᠨᠢᠭᠳ᠋ᠠᠷᠠᠭᠤᠯᠪᠠ᠃ (ᠨᠠᠢ᠌ᠷᠠᠭᠤᠯᠤᠭᠴᠢ᠄ ᠯᠸᠢ ᠫᠠᠩ )