ᠡᠦ ᠴᠢᠩ ᠬᠠᠢ ᠦᠨᠳ᠋ᠦᠰᠦᠨ ᠱᠠᠳ᠋ᠤᠨ ᠳᠤ ᠭᠦᠨᠵᠡᠭᠡᠢ᠌ᠷᠡᠨ ᠤᠳ᠋ᠤᠬᠠᠨ ᠤ ᠴᠢᠬᠤᠯᠠ ᠠᠵᠢᠯ ᠢ ᠪᠠᠢ᠌ᠴᠠᠭᠠᠨ ᠵᠢᠯᠤᠭᠤᠳᠪᠠ
6 ᠰᠠᠷ᠎ᠠ ᠶᠢᠨ 7 ᠤ ᠡᠳ᠋ᠦᠷ ᠤᠨ ᠦᠳ᠋ᠡ ᠶᠢᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠲᠠᠭᠠᠭᠠᠴᠢᠯᠠᠭᠰᠠᠨ ᠤᠷᠤᠨ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠪᠠ ᠦᠶᠡᠷ ᠤᠨ ᠭᠠᠮᠰᠢᠭ ᠢ ᠰᠡᠷᠭᠡᠢ᠌ᠯᠡᠬᠦ ᠠᠵᠢᠯ ᠢ ᠪᠠᠢ᠌ᠴᠠᠭᠠᠨ ᠵᠢᠯᠤᠭᠤᠳ᠋ᠤᠭᠰᠠᠨ ᠪᠦᠭᠡᠳ ᠤᠯᠠᠭᠠᠨᠬᠠᠳ᠋ᠠ ᠰᠤᠮᠤᠨ ᠳᠤ ᠭᠦᠨᠵᠡᠭᠡᠢ᠌ᠷᠡᠨ ᠦᠨᠳ᠋ᠦᠰᠦᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠢ ᠬᠢᠨᠠᠨ ᠵᠢᠯᠤᠭᠤᠳᠪᠠ᠃

ᠪᠠᠶᠠᠷᠳ᠋ᠤᠬᠤᠰᠢᠭᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠬᠤᠪᠤᠯᠳ᠋ᠤ ᠭᠠᠴᠠᠭᠠᠨ ᠳᠤ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠦᠷᠨᠢᠭᠦᠯᠦᠭ᠍ᠰᠡᠨ ᠪᠠᠢ᠌ᠳ᠋ᠠᠯ ᠢ ᠲᠤᠬᠠᠢ ᠶᠢᠨ ᠲᠠᠯᠠᠪᠤᠷ ᠲᠤᠨᠢ ᠪᠠᠢ᠌ᠴᠠᠭᠠᠨ ᠦᠵᠡᠵᠦ᠂ ᠪᠠᠶᠠᠷᠳ᠋ᠤᠬᠤᠰᠢᠭᠤ ᠪᠠᠯᠭᠠᠰᠤᠨ ᠤ ᠭᠤᠤᠯ ᠬᠠᠷᠢᠭᠤᠴᠠᠯᠭᠠᠳ᠋ᠠᠨ ᠤ ᠠᠵᠢᠯ ᠤᠨ ᠬᠠᠷᠢᠭᠤ ᠮᠡᠳ᠋ᠡᠭᠦᠯᠦᠯᠳ᠋ᠡ ᠶᠢ ᠰᠤᠨᠤᠰᠤᠨ᠂ ᠪᠦᠬᠦ ᠪᠠᠯᠭᠠᠰᠤᠨ ᠤ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠶᠢ ᠵᠢᠭᠰᠠᠭᠠᠨ ᠪᠠᠢ᠌ᠴᠠᠭᠠᠵᠤ ᠬᠠᠮᠢᠶᠠᠷᠤᠨ ᠡᠵᠡᠮᠳ᠋ᠡᠵᠦ ᠪᠠᠢ᠌ᠭ᠎ᠠ ᠪᠠᠢ᠌ᠳ᠋ᠠᠯ᠂ ᠬᠦᠮᠦᠰ ᠢ ᠭᠡᠷ ᠲᠡᠭᠡᠨ ᠲᠤᠰᠠᠭᠠᠷᠯᠠᠵᠤ ᠬᠢᠨᠠᠨ ᠬᠡᠮᠵᠢᠭ᠍ᠰᠡᠨ ᠪᠠᠢ᠌ᠳ᠋ᠠᠯ ᠢ ᠨᠠᠷᠢᠯᠢᠭ ᠤᠢ᠌ᠯᠠᠭᠠᠪᠠ᠃
ᠪᠠᠶᠠᠷᠳ᠋ᠤᠬᠤᠰᠢᠭᠤ ᠪᠠᠯᠭᠠᠰᠤᠨ ᠤ ᠭᠠᠵᠠᠷ ᠵᠦ᠋ᠢ ᠶᠢᠨ ᠭᠠᠢ ᠭᠠᠮᠰᠢᠭ ᠤᠨ ᠭᠤᠤᠯᠳ᠋ᠠᠯᠭ᠎ᠠ ᠲᠡᠶ ᠰᠡᠷᠭᠡᠢ᠌ᠯᠡᠯᠳ᠋ᠡ ᠶᠢᠨ ᠤᠷᠤᠨ ᠪᠠ ᠠᠶᠤᠯ ᠲᠡᠶ ᠪᠠᠷᠢᠯᠭ᠎ᠠ ᠤᠨ ᠬᠡᠰᠡᠭ᠌᠂ ᠦᠶᠡᠷ ᠢ ᠰᠡᠷᠭᠡᠢ᠌ᠯᠡᠬᠦ ᠭᠤᠤᠯᠳ᠋ᠠᠯᠭ᠎ᠠ ᠲᠡᠶ ᠭᠠᠵᠠᠷ ᠤᠨ ᠪᠤᠷᠤᠭᠠᠨ ᠤ ᠪᠠᠢ᠌ᠳ᠋ᠠᠯ ᠪᠠ ᠦᠶᠡᠷ ᠤᠨ ᠪᠠᠢ᠌ᠳ᠋ᠠᠯ᠂ ᠵᠢᠵᠢᠭ᠌ ᠰᠠᠪᠠ ᠭᠠᠵᠠᠷ ᠤᠨ ᠠᠭᠤᠯᠠᠨ ᠦᠶᠡᠷ ᠢ ᠰᠡᠷᠭᠡᠢ᠌ᠯᠡᠬᠦ ᠠᠷᠭ᠎ᠠ ᠬᠡᠮᠵᠢᠶ᠎ᠠ ᠶᠢ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠢ ᠲᠤᠬᠠᠢ ᠶᠢᠨ ᠲᠠᠯᠠᠪᠤᠷ ᠲᠤᠨᠢ ᠪᠠᠢ᠌ᠴᠠᠭᠠᠨ ᠦᠵᠡᠭ᠍ᠰᠡᠨ ᠪᠦᠭᠡᠳ ᠭᠤᠤᠯ ᠬᠠᠷᠢᠭᠤᠴᠠᠯᠭᠠᠳ᠋ᠠᠨ ᠤ ᠦᠶᠡᠷ ᠤᠨ ᠭᠠᠮᠰᠢᠭ ᠢ ᠰᠡᠷᠭᠡᠢ᠌ᠯᠡᠬᠦ ᠠᠵᠢᠯ ᠤᠨ ᠬᠠᠷᠢᠭᠤ ᠮᠡᠳ᠋ᠡᠭᠦᠯᠦᠯᠳ᠋ᠡ ᠶᠢ ᠰᠤᠨᠤᠰᠪᠠ᠃
ᠤᠯᠠᠭᠠᠨᠬᠠᠳ᠋ᠠ ᠰᠤᠮᠤᠨ ᠳᠤ ᠦᠨᠳ᠋ᠦᠰᠦᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠢ ᠪᠠᠢ᠌ᠴᠠᠭᠠᠨ ᠵᠢᠯᠤᠭᠤᠳᠬᠤ ᠳᠠᠭᠠᠨ᠂ ᠡᠦ ᠴᠢᠩ ᠬᠠᠢ ᠡᠴᠡ᠂ ᠠᠷᠠᠳ ᠤᠨ ᠲᠦ᠋ᠯᠦᠭᠡᠯᠡᠭ᠍ᠴᠢ ᠶᠢᠨ ᠵᠢᠱᠢᠶᠡᠴᠢ ᠲᠠᠭᠠᠭᠤᠯᠤᠭᠴᠢ ᠪᠠ ᠬᠢᠨᠠᠨ ᠵᠢᠯᠤᠭᠤᠳᠴᠦ ᠠᠬᠢᠭᠤᠯᠬᠤ ᠦᠢᠯᠡᠳ᠋ᠦᠯ ᠢ ᠭᠦᠴᠡᠳ ᠪᠠᠳ᠋ᠠᠷᠠᠭᠤᠯᠤᠨ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ᠂ ᠵᠠᠬᠢᠳ᠋ᠠᠯ ᠰᠤᠷᠪᠤᠯᠵᠢᠯᠠᠭ᠎ᠠ ᠶᠢᠨ ᠠᠮᠤᠷ ᠲᠤᠭᠳ᠋ᠠᠭᠤᠨ᠂ ᠵᠠᠩ ᠲᠠᠳᠬᠠᠯ ᠢ ᠦᠭᠡᠷᠡᠴᠢᠯᠡᠬᠦ᠂ ᠬᠦᠮᠦᠨ ᠰᠠᠭᠤᠴᠠ ᠶᠢᠨ ᠤᠷᠴᠢᠨ ᠲᠤᠭᠤᠷᠢᠨ ᠢ ᠴᠡᠭ᠍ᠴᠡᠯᠡᠨ ᠵᠠᠰᠠᠬᠤ ᠪᠠ ᠦᠶᠡᠷ ᠤᠨ ᠭᠠᠮᠰᠢᠭ ᠢ ᠰᠡᠷᠭᠡᠢ᠌ᠯᠡᠬᠦ ᠵᠡᠷᠭᠡ ᠠᠵᠢᠯ ᠳᠤ ᠢᠳ᠋ᠡᠪᠬᠢᠳ᠋ᠠᠢ ᠤᠷᠤᠯᠴᠠᠵᠤ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠠᠵᠢᠯ ᠳᠤ ᠬᠦᠴᠦᠨ ᠨᠡᠮᠡᠷᠢᠯᠡᠬᠦ ᠪᠠᠷ ᠭᠠᠷᠳ᠋ᠠᠬᠤ ᠴᠡᠭ᠌ ᠪᠤᠯᠭᠠᠨ᠂ ᠠᠷᠠᠳ ᠤᠨ ᠲᠦ᠋ᠯᠦᠭᠡᠯᠡᠭ᠍ᠴᠢᠳ ᠤᠨ ᠤᠯᠠᠨ ᠲᠦ᠋ᠮᠡᠨ ᠲᠡᠶ ᠨᠢᠭᠳ᠋ᠠ ᠬᠠᠷᠢᠯᠴᠠᠬᠤ ᠲᠠᠪᠠᠭᠤᠯᠢᠭ ᠲᠠᠯ᠎ᠠ ᠢ ᠭᠦᠢᠴᠡᠳ ᠪᠠᠳ᠋ᠠᠷᠠᠭᠤᠯᠵᠤ᠂ 《ᠲᠦ᠋ᠯᠦᠭᠡᠯᠡᠭ᠍ᠴᠢᠳ ᠤᠨ ᠭᠡᠷ ᠪᠦᠯᠢ》 ᠳᠤ ᠲᠦ᠋ᠰᠢᠭᠯᠡᠨ᠂ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠠᠮᠢᠵᠢᠷᠠᠯ ᠤᠨ ᠬᠦᠴᠦᠨ ᠢ ᠬᠦᠭ᠍ᠵᠢᠭᠡᠵᠦ᠂ ᠠᠷᠠᠳ ᠤᠨ ᠲᠦ᠋ᠯᠦᠭᠡᠯᠡᠭ᠍ᠴᠢᠳ ᠤᠨ ᠭᠤᠤᠯᠳ᠋ᠠᠯᠭ᠎ᠠ ᠲᠡᠶ ᠠᠵᠢᠯ ᠤᠨ ᠲᠠᠯ᠎ᠠ ᠪᠠᠷ ᠬᠦᠴᠦᠨ ᠴᠢᠳ᠋ᠠᠪᠤᠷᠢ ᠪᠠᠨ ᠡᠷᠭᠦᠬᠦ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠨᠠᠢ᠌ᠷᠠᠭᠤᠯᠤᠭᠴᠢ᠄ ᠯᠸᠢ ᠫᠠᠩ)